︽ᠠᠵᠤ ᠠᠬᠤᠶᠢᠯᠠᠯᠲᠠᠨ ᠠᠵᠤ ᠠᠬᠤᠶᠢᠯᠠᠯ ᠢ ᠬᠠᠷᠠᠬᠤ︾ ᠬᠤᠰᠢᠭᠤ ᠰᠢᠶᠠᠨ ᠤ ᠪᠠᠩᠬᠢ ᠶᠢᠨ ᠪᠦᠯᠬᠦᠮ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/5/6
     5 ᠰᠠᠷ᠎ᠠ ᠶᠢᠨ 6 ᠤ ᠡᠳᠦᠷ᠂ ᠤᠯᠠᠭᠠᠨᠬᠠᠳᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠳᠤ ᠶᠢᠨ ᠬᠤᠩ᠂ ᠳᠡᠳ᠋ ᠲᠡᠷᠢᠭᠦᠯᠡᠭᠴᠢ ᠪᠦᠦ ᠰᠢ ᠴᠢᠶᠠᠩ ᠤᠨ ᠳᠠᠭᠠᠭᠤᠯᠤᠭᠰᠠᠨ᠂ ᠤᠯᠠᠭᠠᠨᠬᠠᠳᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠪᠦᠷᠢᠯᠳᠦᠬᠦᠨ ᠠᠵᠤ ᠠᠬᠤᠶᠢᠯᠠᠯᠲᠠᠨ ᠢᠶᠠᠷ ᠪᠦᠷᠢᠯᠳᠦᠭᠰᠡᠨ ︽ᠠᠵᠤ ᠠᠬᠤᠶᠢᠯᠠᠯᠲᠠᠨ ᠠᠵᠤ ᠠᠬᠤᠶᠢᠯᠠᠯ ᠢ ᠬᠠᠷᠠᠬᠤ︾ ᠬᠤᠰᠢᠭᠤ ᠰᠢᠶᠠᠨ ᠤ ᠠᠶᠠᠯᠠᠯ ᠤᠨ ᠪᠦᠯᠬᠦᠮ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠵᠢᠴᠢ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ︽ᠠᠵᠤ ᠠᠬᠤᠶᠢᠯᠠᠯᠲᠠᠨ ᠠᠵᠤ ᠠᠬᠤᠶᠢᠯᠠᠯ ᠢ ᠬᠠᠷᠠᠬᠤ︾ ᠬᠤᠰᠢᠭᠤ ᠰᠢᠶᠠᠨ ᠤ ᠠᠶᠠᠯᠠᠯ ᠤᠨ ᠪᠦᠯᠬᠦᠮ ᠤᠨ ᠬᠢᠨ ᠤᠷᠢᠳ ᠬᠤᠵᠢᠳ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠮᠠ ᠠᠨ ᠱᠠᠨ ᠤ ᠰᠣᠶᠣᠯ ᠵᠢᠭᠤᠯᠴᠢᠯᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠢᠶᠠᠷ ᠲᠣᠭᠤᠷᠢᠨ ᠦᠵᠡᠪᠡ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ︽ᠠᠵᠤ ᠠᠬᠤᠶᠢᠯᠠᠯᠲᠠᠳ ᠠᠵᠤ ᠠᠬᠤᠶᠢᠯᠠᠯ ᠢ ᠬᠠᠷᠠᠬᠤ︾ ᠬᠤᠰᠢᠭᠤ ᠰᠢᠶᠠᠨ ᠤ ᠠᠶᠠᠯᠠᠯ ᠤᠨ ᠠᠵᠢᠯᠯᠠᠭ᠎ᠠ ᠶᠢᠨ ᠰᠠᠭᠤᠳᠠᠯ ᠤᠨ ᠬᠤᠷᠠᠯ ᠬᠢᠪᠠ᠃     ᠬᠤᠷᠠᠯ ᠳᠡᠭᠡᠷ᠎ᠡ᠂ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠢ ᠦᠵᠡᠵᠦ᠂ ᠸᠠᠩ ᠴᠢᠦ ᠶᠧ ᠮᠠᠨ ᠤ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠥᠬᠦ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠮᠠᠨ ᠤ ᠬᠤᠰᠢᠭᠤᠨ ᠤ ᠬᠡᠰᠡᠭ ᠠᠵᠤ ᠠᠬᠤᠶᠢᠯᠠᠯᠲᠠᠳ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ︽ᠠᠵᠤ ᠠᠬᠤᠶᠢᠯᠠᠯᠲᠠᠳ ᠠᠵᠤ ᠠᠬᠤᠶᠢᠯᠠᠯ ᠢᠶᠠᠨ ᠦᠵᠡᠬᠦ︾ ᠬᠤᠰᠢᠭᠤ ᠰᠢᠶᠠᠨ ᠤ ᠪᠠᠩᠬᠢ ᠶᠢᠨ ᠪᠦᠯᠬᠦᠮ ᠤᠨ ᠭᠡᠰᠢᠭᠦᠳ ᠲᠠᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠵᠡᠷᠭᠡ ᠲᠠᠯ᠎ᠠ ᠪᠠᠷ ᠬᠠᠷᠢᠯᠴᠠᠨ ᠰᠣᠯᠢᠯᠴᠠᠵᠤ᠂ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠴᠤ᠂ ᠬᠡᠰᠡᠭ ᠠᠵᠤ ᠠᠬᠤᠶᠢᠯᠠᠯ ᠬᠠᠮᠲᠤᠷᠠᠨ ᠠᠵᠢᠯᠯᠠᠬᠤ ᠰᠠᠨᠠᠮᠵᠢ ᠶᠢ ᠪᠣᠶ ᠪᠣᠯᠭᠠᠪᠠ᠃     ᠳ᠋ᠦ᠋ ᠶᠢᠨ ᠬᠤᠩ ᠰᠠᠭᠤᠳᠠᠯ ᠤᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤᠨ ᠤ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠥᠷᠨᠢᠩᠭᠦᠶ ᠪᠠᠷ ᠬᠥᠭᠵᠢᠭᠦᠯᠵᠦ ᠪᠠᠶᠢᠨ᠎ᠠ᠃ ᠬᠠᠷᠠᠴᠢᠨ ᠬᠤᠰᠢᠭᠤᠨ ᠤ ᠠᠵᠤ ᠠᠬᠤᠶᠢᠯᠠᠯ ᠴᠤ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠣᠰ ᠪᠡᠶ᠎ᠡ ᠶᠢᠨ ᠪᠣᠳᠠᠲᠤ ᠪᠠᠶᠢᠳᠠᠯ ᠪᠠ ᠣᠷᠣᠨ ᠪᠦᠰᠡ ᠶᠢᠨ ᠣᠨᠴᠠᠯᠢᠭ ᠲᠤ ᠨᠡᠶᠢᠴᠡᠭᠰᠡᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠠᠮ ᠢᠶᠠᠷ ᠵᠠᠮᠨᠠᠵᠤ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠬᠠᠮᠲᠤ ᠳᠤᠨᠢ ᠢᠯᠡᠷᠡᠭᠦᠯᠦᠭᠰᠡᠨ ᠪᠠᠶᠢᠨ᠎ᠠ᠃     ᠳ᠋ᠦ᠋ ᠶᠢᠨ ᠬᠤᠩ ᠴᠢᠬᠤᠯᠠᠴᠢᠯᠠᠭᠰᠠᠨ ᠨᠢ᠂ ᠬᠤᠷᠢᠳᠤᠭᠠᠷ ᠶᠡᠭᠡ ᠬᠤᠷᠠᠯ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠤᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠲᠦᠷᠢᠮ ᠪᠣᠯᠤᠨ ᠬᠠᠤᠯᠢ ᠴᠠᠭᠠᠵᠠ ᠶᠢᠨ ᠲᠠᠯ᠎ᠠ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠲᠠᠯ᠎ᠠ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ 4 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ︽ᠬᠤᠶᠠᠷ ᠥᠴᠦᠬᠡᠨ ᠴᠦ ᠭᠤᠶᠢᠪᠢᠰᠢ ᠥᠬᠡᠶ︾ ᠶᠢ ᠪᠠᠷᠢᠮᠲᠠᠯᠠᠨ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠤᠨ ᠡᠷᠬᠡ ᠲᠡᠭᠰᠢ ᠪᠠᠷ ᠥᠷᠢᠰᠦᠯᠳᠦᠬᠦ᠂ ᠬᠠᠮᠲᠤ ᠪᠠᠷ ᠬᠥᠭᠵᠢᠬᠦ ᠶᠢ ᠨᠥᠯᠥᠭᠡᠯᠡᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠷᠰᠢ ᠰᠠᠭᠠᠳ ᠪᠠ ᠳᠠᠯᠳᠠ ᠪᠠᠬᠢᠯᠡᠯᠲᠡ ᠶᠢ ᠡᠪᠳᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠯ ᠢ ᠦᠷᠭᠦᠯᠵᠢᠯᠡᠨ ᠬᠥᠪᠴᠢᠯᠡᠵᠦ᠂ ᠠᠵᠤ ᠠᠬᠤᠶᠢᠯᠠᠯ ᠢ ᠬᠠᠪᠰᠤᠷᠤᠨ ᠴᠤᠭ ᠰᠦᠯᠳᠡ ᠶᠢ ᠨᠢ ᠰᠡᠷᠭᠦᠭᠡᠬᠦ ᠬᠡᠷᠡᠭᠲᠡᠶ ᠭᠡᠵᠦ ᠳᠠᠬᠢᠨᠲᠠ ᠴᠢᠬᠤᠯᠠᠴᠢᠯᠠᠪᠠ᠃     ᠠᠵᠤ ᠠᠬᠤᠶᠢᠯᠠᠯᠲᠠᠳ ᠢᠲᠡᠭᠡᠯ ᠵᠣᠷᠢᠭ ᠢᠶᠠᠨ ᠪᠠᠲᠤᠳᠬᠠᠨ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ᠂ ᠤᠯᠤᠰ ᠤᠨ ᠬᠤᠷᠸ᠎ᠠ ᠲᠦᠷᠦ ᠶᠢᠨ ᠪᠤᠳᠤᠯᠭ᠎ᠠ ᠶᠢ ᠬᠤᠷᠴᠠ ᠰᠡᠷᠭᠡᠭ ᠢᠶᠠᠷ ᠡᠵᠡᠮᠰᠢᠬᠦ ᠬᠡᠷᠡᠭᠲᠡᠶ᠃ ᠤᠯᠠᠭᠠᠨᠬᠠᠳᠠ ᠶᠢᠨ ︽ᠬᠤᠤᠰ ᠣᠳᠣᠨ ᠣᠷᠣᠨ︾ ᠢ ᠴᠣᠭᠴᠠᠯᠠᠬᠤ᠂ ︽ᠲᠠᠪᠤᠨ ᠪᠠᠶᠢᠷᠢ ᠲᠣᠭᠲᠠᠭᠠᠯᠲᠠ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠤᠯᠠᠭᠠᠨᠬᠠᠳᠠ︾ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠳᠡᠨ᠎ᠡ᠃ ᠢᠳᠡᠪᠬᠢᠲᠡᠢ ᠪᠠᠷ ᠦᠢᠯᠡᠰ ᠪᠦᠲᠦᠭᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠤᠷᠤᠭᠰᠢᠯᠠᠵᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠬᠦᠳᠦᠯᠦᠨ ᠳᠠᠭᠠᠭᠤᠯᠬᠤ ᠬᠡᠷᠡᠭᠲᠡᠢ᠃     ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠨᠠᠮ ᠵᠠᠰᠠᠭ ᠤᠨ ᠳᠠᠭᠤᠨ ᠢ ᠳᠠᠮᠵᠢᠭᠤᠯᠵᠤ᠂ ᠠᠵᠤ ᠠᠬᠤᠶᠢᠯᠠᠯ ᠤᠨ ᠠᠰᠠᠭᠤᠳᠠᠯ ᠢ ᠴᠤᠭᠯᠠᠭᠤᠯᠬᠤ︾ ᠵᠠᠷᠴᠢᠮ ᠢᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠲᠤᠯᠢ ᠪᠣᠯᠭᠠᠵᠤ᠂ ᠪᠠᠶᠢᠬᠤ ᠪᠠ ᠦᠭᠡᠢ ᠪᠠᠨ ᠬᠠᠷᠢᠯᠴᠠᠨ ᠰᠣᠯᠢᠯᠴᠠᠵᠤ᠂ ᠡᠬᠢ ᠪᠠᠶᠠᠯᠢᠭ ᠢ ᠨᠡᠶᠢᠳᠬᠡᠵᠦ᠂ ᠬᠠᠮᠲᠤᠪᠠᠷ ᠠᠰᠢᠭ ᠬᠦᠷᠳᠡᠵᠤ ᠬᠥᠭᠵᠢᠬᠦ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号