ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/9
     5 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 4 ᠳ᠋ᠦᠭᠡᠷ ᠤᠳᠠᠭᠠᠨ ᠤ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠸᠠᠩ ᠸᠧᠨ ᡁᠢ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠸᠠᠩ ᠯᠢ ᠭᠦᠸᠧ᠂ ᠰᠢᠶ᠋ᠸ ᠶᠦᠨ ᠰᠥᠩ᠂ ᠢ ᠰᠢᠤ ᠴᠢᠤᠸᠠᠨ᠂ ᠵᠤᠸᠠᠩ ᠸᠧᠨ ᠳ᠋ᠢ᠂ ᠯᠢᠦ ᠸᠧᠶ ᠬᠤᠷᠠᠯ ᠳᠤ ᠣᠷᠣᠯᠴᠠᠵᠠᠶ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ ᠢ ᠰᠤᠷᠤᠯᠴᠠᠨ᠎ᠠ᠃     ᠬᠤᠷᠠᠯ ᠠᠴᠠ ᠡᠯ᠎ᠡ ᠤᠳᠤᠷᠢᠳᠬᠤ ᠪᠠᠭ ᠤᠨ ᠪᠦᠷᠢᠯᠳᠦᠬᠦᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠡᠭᠦᠷᠭᠡᠯᠡᠭᠰᠡᠨ ᠥᠩᠭᠡᠷᠡᠯᠲᠡ ᠪᠠ ᠠᠵᠢᠯ ᠤᠨ ᠪᠣᠳᠠᠲᠠᠢ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠤᠳᠤ ᠶᠢᠨ ᠪᠠᠶᠢᠭ᠎ᠠ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠠᠮᠲᠤ ᠪᠠᠷ ᠤᠳᠤᠷᠢᠳᠬᠤ᠂ ᠠᠵᠢᠯ ᠬᠤᠪᠢᠶᠠᠷᠢᠯᠠᠨ ᠬᠠᠷᠢᠭᠤᠴᠠᠬᠤ ᠵᠠᠷᠴᠢᠮ ᠢ ᠪᠠᠷᠢᠮᠲᠠᠯᠠᠨ᠂ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠬᠤ ᠬᠡᠷᠡᠭᠲᠡᠶ᠃ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠵᠢᠴᠢ ᠬᠠᠷᠢᠯᠴᠠᠬᠤ ᠨᠢᠭᠡᠴᠡ ᠶᠢᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠶᠢ ᠲᠦᠷᠭᠡᠳᠬᠡᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠶ᠋ᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠠ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ᠬᠠᠷᠠᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠡᠶ᠃     ᠬᠤᠷᠠᠯ ᠠᠴᠠ ᠪᠠᠰᠠ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ  ᠤᠨ ᠡᠵᠡᠩᠨᠡᠯᠲᠡ ᠶᠢᠨ ᠡᠷᠬᠡ ᠶᠢ ᠲᠦᠷᠢᠶᠡᠰᠦᠯᠡᠬᠦ ᠠᠵᠢᠯ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号