ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠲᠦᠷᠦ ᠶᠢᠨ ᠪᠤᠳᠤᠯᠭ᠎ᠠ ᠶᠢᠨ ᠲᠠᠢᠯᠤᠮᠵᠢ
ᠨᠡᠶᠢᠲᠡᠯᠡᠭᠰᠡᠨ ᠴᠠᠭ᠄
2023/6/1
  ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠲᠦᠷᠦ ᠶᠢᠨ ᠪᠤᠳᠤᠯᠭ᠎ᠠ ᠶᠢᠨ ᠲᠠᠢᠯᠤᠮᠵᠢ  ᠬᠤᠷᠠᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢᠨ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠬᠠᠷᠢᠭᠤ ᠮᠡᠳᠡᠭᠦᠯᠦᠶ᠎ᠡ᠄  ᠨᠢᠭᠡ᠂ ᠵᠣᠷᠢᠯᠭ᠎ᠠ ᠲᠤᠭᠲᠠᠭᠠᠬᠤ   ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠭᠤᠯᠭᠠᠭᠰᠠᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢᠨ ᠲᠤᠰᠠᠳᠠ᠂ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃  ᠬᠤᠶᠠᠷ᠂ ᠲᠥᠰᠦᠯ ᠲᠤᠭᠲᠠᠭᠠᠬᠤ    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠰᠠᠨᠠᠯ ᠢ ᠬᠤᠷᠢᠶᠠᠵᠤ᠂ 2021 ᠣᠨ ᠤ 12 ᠰᠠᠷ᠎ᠠ ᠶᠢᠨ 23 ᠤ ᠡᠳᠦᠷ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 9 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ ᠳᠤ ᠵᠠᠷᠴᠢᠮ ᠳᠡᠭᠡᠷ᠎ᠡ ᠪᠠᠨ ᠪᠠᠲᠤᠯᠠᠪᠠ᠃  ᠭᠤᠷᠪᠠ᠂ ᠭᠤᠤᠯ ᠠᠭᠤᠯᠭ᠎ᠠ  ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠭᠡᠳᠡᠭ ᠨᠢ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ  ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ᠂ ᠨᠢᠭᠡ ᠯᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ︵ᠭᠠᠵᠠᠷ ᠰᠢᠷᠣᠶ ᠶᠢᠨ ᠡᠳ᠋ ᠬᠥᠷᠥᠩᠭᠡ ᠪᠠᠭᠲᠠᠬᠤ ᠥᠬᠡᠶ︶ ᠶᠢᠨ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ᠂ ᠮᠥ ᠪᠦᠷᠢ ᠶᠢᠨ ᠳᠤᠮᠳᠠᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠦᠴᠦᠯᠡᠴᠡ ᠨᠢ 100 ᠲᠦᠮᠡᠨ ᠲᠥᠭᠦᠷᠢᠭ ᠠᠴᠠ ᠳᠡᠭᠡᠭᠰᠢ ᠪᠣᠯᠤᠭᠰᠠᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠶᠣᠰᠣᠭᠠᠷ ᠵᠢᠷᠤᠭᠯᠠᠨ ᠲᠥᠯᠥᠪᠯᠡᠵᠦ ᠪᠥᠲᠥᠭᠡᠨ ᠪᠠᠶᠢᠭᠤᠯᠤᠭᠰᠠᠨ ᠦᠢᠯᠡᠳᠪᠦᠷᠢᠯᠡᠯ ᠤᠨ ᠲᠠᠰᠤᠭ ︵ᠠᠵᠤ ᠠᠬᠤᠶᠢᠯᠠᠯ ᠤᠨ ᠠᠮᠢᠳᠤᠷᠠᠯ ᠪᠠ ᠠᠯᠪᠠᠯᠠᠬᠤ ᠥᠷᠥᠭᠡ ᠪᠠᠭᠲᠠᠬᠤ ᠥᠬᠡᠶ︶ ᠢ ᠵᠢᠭᠠᠵᠤ ᠪᠣᠶ᠃  ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠱᠠᠩᠨᠠᠯ ᠤᠨ ᠬᠢᠨᠠᠨ ᠵᠥᠪᠰᠢᠶᠡᠷᠡᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠴᠠᠭ ᠤᠨ ᠳᠠᠷᠠᠭᠠᠯᠠᠯ ᠢᠶᠠᠷ ᠵᠢᠭᠰᠠᠭᠠᠵᠤ᠂ ᠱᠠᠩᠨᠠᠯ ᠤᠨ ᠲᠠᠯᠠᠪᠠᠶ ᠶᠢ 5 ᠲᠦᠮᠡᠨ ᠲᠡᠭᠰᠢ ᠳᠥᠷᠪᠡᠯᠵᠢᠨ ᠮᠧᠲᠷ ᠬᠦᠷᠲᠡᠯ᠎ᠡ ᠬᠦᠷᠲᠡᠭᠡᠨ᠎ᠡ᠃  ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠤᠨ ᠪᠠᠷᠢᠯᠭ᠎ᠠ ᠶᠢᠨ ᠲᠠᠯᠠᠪᠠᠶ ︵ᠪᠠᠭᠲᠠᠭᠠᠮᠵᠢ ᠶᠢᠨ ᠪᠤᠰᠤ ᠲᠠᠯᠠᠪᠠᠶ︶ ᠨᠢ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ — 10000 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠪᠠᠶᠢᠪᠠᠯ᠂ ᠲᠡᠭᠰᠢ ᠳᠥᠷᠪᠡᠯᠵᠢᠨ ᠮᠧᠲᠷ ᠪᠦᠷᠢ ᠶᠢᠨ ᠱᠠᠩᠨᠠᠯ ᠤᠨ ᠪᠠᠯᠠ ᠮᠥᠩᠭᠦ ᠨᠢ 200 ᠲᠥᠭᠦᠷᠢᠭ︔ 10000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ — 20000 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠪᠣᠯ ᠲᠡᠭᠰᠢ ᠳᠥᠷᠪᠡᠯᠵᠢᠨ ᠮᠧᠲᠷ ᠪᠦᠷᠢ ᠶᠢᠨ ᠱᠠᠩᠨᠠᠯ ᠤᠨ ᠪᠠᠯᠠ ᠮᠥᠩᠭᠦ 260 ᠲᠥᠭᠦᠷᠢᠭ︔ 20000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ — 50000 ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠪᠣᠯ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠪᠠᠯᠠ ᠮᠥᠩᠭᠦ ᠱᠠᠩᠨᠠᠨ᠎ᠠ᠃ ︵ᠳᠡᠭᠡᠷ᠎ᠡ ᠳᠤᠷᠠᠳᠤᠭᠰᠠᠨ ᠵᠦᠢᠯ ᠳᠤ ᠤᠤᠯ ᠲᠤᠭ᠎ᠠ ᠶᠢ ᠪᠠᠭᠲᠠᠭᠠᠬᠤ ᠦᠭᠡᠢ᠂ ᠳᠣᠣᠷ᠎ᠠ ᠳᠤᠷᠠᠳᠤᠭᠰᠠᠨ ᠵᠦᠢᠯ ᠳᠤ ᠤᠤᠯ ᠲᠤᠭ᠎ᠠ ᠶᠢ ᠪᠠᠭᠲᠠᠭᠠᠨ᠎ᠠ︶᠃  ᠡᠭᠦᠨ ᠤ ᠵᠡᠷᠭᠡᠴᠡᠭᠡᠪᠡᠷ᠂ ︽ᠠᠷᠭ᠎ᠠ︾ ᠳᠤ ᠪᠠᠰᠠ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠦᠳᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠤᠨ ᠲᠤᠬᠠᠶ ᠲᠣᠭᠲᠠᠭᠠᠯ ᠭᠠᠷᠭᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号