ᠮᠠᠨ ᠤ ᠬᠤᠰᠢᠭᠤ ᠱᠠᠨ ᠱᠦᠢ ᠶᠤᠸᠠᠨ ᠬᠠᠩ ᠱᠦᠢᠨᠢ ᠶᠢᠨ ︽ᠬᠤᠲᠠ ᠠᠴᠠ ᠭᠠᠷᠴᠤ ᠬᠦᠷᠢᠶᠡᠯᠡᠩ ᠳᠦ ᠣᠷᠣᠬᠤ︾ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/1
    6 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠱᠠᠨ ᠱᠦᠢ ᠶᠤᠸᠠᠨ ᠬᠠᠩ ᠱᠦᠢᠨᠢ ᠶᠢᠨ ︽ᠬᠤᠲᠠ ᠠᠴᠠ ᠭᠠᠷᠴᠤ ᠬᠦᠷᠢᠶᠡᠯᠡᠩ ᠳᠦ ᠣᠷᠣᠬᠤ︾ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠱᠠᠨ ᠱᠦᠢ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ ᠴᠧᠨ ᠵᠦᠩ ᠱᠧᠩ᠂ ᠵᠤᠤ ᠬᠤᠩ ᠪᠥᠸᠧ ᠪᠣᠯᠤᠨ ᠬᠤᠰᠢᠭᠤᠨ ᠤ ᠤᠳᠤᠷᠢᠳᠤᠯᠭ᠎ᠠ ᠮᠠ ᠶᠦᠩ ᠭᠠᠩ᠂ ᠶᠠᠩ ᠸᠧᠨ ᠳ᠋ᠦᠩ᠂ ᠢ ᠰᠢᠤ ᠴᠢᠤᠸᠠᠨ ᠬᠤᠷᠠᠯ ᠳᠤ ᠣᠷᠣᠯᠴᠠᠵᠤ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠤᠪᠴᠢᠶ᠎ᠡ ᠵᠡᠷᠭᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠣᠷᠣᠯᠴᠠᠪᠠ᠃    ᠬᠤᠷᠠᠯ ᠠᠴᠠ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠡᠯ᠎ᠡ ᠵᠦᠢᠯ ᠤᠨ ᠪᠠᠲᠤᠯᠠᠪᠤᠷᠢ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ ᠂ ᠱᠠᠨ ᠱᠦᠢ ᠶᠤᠸᠠᠨ ᠬᠠᠩ ᠱᠦᠢᠨᠢ ᠶᠢ ᠬᠤᠳᠠ ᠠᠴᠠ ᠭᠠᠷᠴᠤ ᠬᠦᠷᠢᠶᠡᠯᠡᠩ ᠳᠤ ᠤᠷᠤᠬᠤ ᠲᠦᠷᠦᠯ ᠵᠦᠢᠯ ᠪᠣᠯ ᠬᠤᠳᠠ᠂ ᠬᠤᠰᠢᠭᠤ ᠬᠤᠶᠠᠷ ᠱᠠᠲᠤᠨ ᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠲᠦᠷᠦᠯ ᠵᠦᠢᠯ ᠪᠣᠯᠤᠨ᠎ᠠ᠂ ᠲᠦᠷᠦᠯ ᠵᠦᠢᠯ ᠤᠨ ᠬᠠᠷᠢᠶ᠎ᠠ ᠣᠷᠣᠨ᠂ ᠬᠠᠮᠢᠶ᠎ᠠ ᠪᠦᠬᠦᠢ ᠨᠢᠭᠡᠴᠡ ᠪᠣᠯᠤᠨ ᠬᠦᠷᠢᠶᠡᠯᠡᠩ ᠲᠣᠭᠤᠷᠢᠭ ᠤᠨ ᠲᠤᠰᠬᠠᠢ ᠠᠩᠬᠢ ᠨᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤᠳᠬᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠬᠤᠷᠳᠤᠴᠠ ᠪᠠᠨ ᠳᠡᠭᠡᠭᠰᠢᠯᠡᠭᠦᠯᠦᠨ ᠪᠣᠭᠤᠮᠲᠠ ᠰᠢᠪᠲᠤᠯᠵᠤ᠂ ᠪᠦᠳᠦᠬᠡᠨ ᠪᠠᠶᠢᠭᠤᠯᠬᠤ ᠶᠠᠪᠤᠴᠠ ᠳᠤ ᠰᠢᠯᠢᠳᠡᠭ ᠪᠣᠯᠬᠤ ᠪᠠᠷ ᠴᠢᠷᠮᠠᠶᠢᠵᠤ᠂ ᠪᠦᠳᠦᠬᠡᠨ ᠪᠠᠶᠢᠭᠤᠯᠬᠤ ᠲᠦᠷᠦᠯ ᠵᠦᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠦᠷᠦᠯ ᠵᠦᠢᠯ ᠤᠨ ᠡᠭᠦᠷᠭᠡ ᠳᠤ ᠳᠤᠬᠢᠷᠠᠭᠤᠯᠤᠯᠳᠠ ᠬᠢᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢᠶᠠᠷ ᠲᠦᠷᠦᠯ ᠵᠦᠢᠯ ᠤᠨ ᠡᠮᠬᠢ ᠵᠢᠷᠤᠮ ᠲᠠᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠤᠷᠤᠭᠰᠢᠯᠠᠬᠤ ᠤᠬᠠᠮᠰᠠᠷ ᠢ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠶᠠᠪᠤᠴᠠ ᠶᠢᠨ ᠦᠢᠯᠡᠴᠢᠯᠡᠭᠡ ᠬᠠᠩᠭᠠᠵᠤ ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠪᠠ ᠠᠯᠪᠠᠯᠠᠬᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠵᠡᠷᠭᠡ ᠲᠤᠪᠤᠶᠢᠮ᠎ᠠ ᠵᠥᠷᠢᠴᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠡᠯ᠎ᠡ ᠲᠦᠷᠦᠯ ᠤᠨ ᠡᠯᠧᠮᠧᠨ᠋ᠲ ᠢ ᠲᠦᠷᠦᠯ ᠵᠦᠢᠯ ᠪᠠ ᠬᠡᠷᠡᠭᠴᠡᠭᠡ ᠶᠢ ᠳᠠᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠡᠯᠧᠮᠧᠨ᠋ᠲ ᠢ ᠵᠣᠬᠢᠰᠲᠠᠢ ᠲᠤᠬᠢᠷᠠᠭᠤᠯᠬᠤ ᠶᠢ ᠠᠬᠢᠭᠤᠯᠵᠤ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠰᠢᠨ᠎ᠡ ᠰᠢᠪᠲᠤᠯᠤᠯᠲᠠ ᠲᠠᠢ ᠪᠣᠯᠬᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃    ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠢᠭᠡᠨᠲᠡ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠂ ᠥᠨᠳᠥᠷ ᠪᠠᠷᠢᠮᠵᠢᠶᠠᠲᠤ ᠵᠢᠷᠤᠭ ᠲᠥᠯᠥᠪᠯᠡᠭᠡ᠂ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠪᠡᠶᠡᠯᠡᠭᠦᠯᠵᠦ᠂ ᠠᠵᠤ ᠠᠬᠤᠶᠢᠯᠠᠯ ᠤᠨ ᠰᠢᠨ᠎ᠡ ᠬᠡᠪ ᠳᠠᠭᠤᠷᠢᠶᠠᠯ ᠢ ᠪᠣᠶ ᠪᠣᠯᠭᠠᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号