ᠬᠤᠲᠠ ᠶᠢᠨ ᠳᠠᠷᠤᠭ᠎ᠠ ᠸᠠᠩ ᠸᠠᠩ ᠱᠸᠡᠩ ᠬᠠᠷᠠᠴᠢᠨ ᠬᠤᠰᠢᠭᠤᠨ ᠳᠤ ᠬᠦᠷᠴᠦ ᠲᠦᠬᠦᠭᠡᠷᠦᠮᠵᠢᠲᠦ ᠲᠠᠷᠢᠶᠠᠯᠠᠩ ᠤᠨ ᠤᠰᠤ ᠠᠷᠪᠢᠯᠠᠬᠤ᠂ ᠰᠢᠪᠡᠭᠡ ᠭᠤᠣᠯ ᠤᠨ ᠰᠠᠪᠠ ᠭᠠᠵᠠᠷ ᠤᠨ ᠵᠠᠭᠤᠨ ᠺᠢᠯᠦᠮᠧᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠭᠡ ᠠᠵᠤ ᠠᠬᠤᠢ ᠰᠣᠶᠣᠯ ᠵᠤᠭᠠᠴᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠵᠡᠷᠬᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/18
     6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠸᠡᠩ ᠬᠠᠷᠠᠴᠢᠨ ᠬᠤᠰᠢᠭᠤᠨ ᠳᠤ ᠬᠦᠷᠴᠦ ᠲᠦᠬᠦᠭᠡᠷᠦᠮᠵᠢᠳᠤ ᠲᠠᠷᠢᠶᠠᠯᠠᠩ ᠤᠨ ᠤᠰᠤ ᠠᠷᠪᠢᠯᠠᠬᠤ᠂ ᠰᠢᠪᠡᠭᠡ ᠭᠤᠣᠯ ᠤᠨ ᠰᠠᠪᠠ ᠭᠠᠵᠠᠷ ᠤᠨ ᠵᠠᠭᠤᠨ ᠺᠢᠯᠣᠮᠧᠲᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠭᠡ ᠠᠵᠤ ᠠᠬᠤᠢ ᠰᠣᠶᠣᠯ ᠵᠤᠭᠠᠴᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠠᠶᠢᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠵᠡᠷᠭᠡ ᠶᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠲᠢᠶᠠᠨ ᠴᠧᠨ ᠭᠤᠸᠠᠩ᠂ ᠰᠦᠶ ᠯᠢ᠂ ᠹᠦ᠋ ᠱᠸᠦ ᠯᠢ᠂ ᠵᠠᠩ ᠭᠦᠸᠧ ᠬᠤᠸᠠ᠂ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤᠳᠤᠷᠢᠳᠤᠯᠭ᠎ᠠ ᠹᠠᠩ ᠷᠦᠢ᠂ ᠵᠣᠣ ᠶᠠᠨ ᠬᠤᠩ᠂ ᠮᠠ ᠶᠦᠩ ᠭᠠᠩ᠂ ᠱᠢ ᡁᠢ ᠯᠢᠶᠠᠩ᠂ ᠪᠢᠴᠢᠭᠲᠦ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠸᠠᠩ ᠶᠧ ᠹᠦ᠋ ᠪᠠᠯᠭᠠᠰᠤᠨ ᠤ ᠯᠠᠮᠠ ᠶᠢᠨ ᠭᠠᠵᠠᠷ ᠲᠣᠰᠬᠤᠨ ᠳᠤ ᠲᠦᠬᠦᠭᠡᠷᠦᠮᠵᠢᠲᠦ ᠲᠠᠷᠢᠶᠠᠯᠠᠩ ᠤᠨ ᠤᠰᠤ ᠠᠷᠪᠢᠯᠠᠬᠤ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠸᠠᠩ ᠸᠠᠩ ᠱᠸᠡᠩ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠤᠰᠤ ᠠᠷᠪᠢᠯᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠦᠬᠦᠭᠡᠷᠦᠮᠵᠢᠲᠦ ᠲᠠᠷᠢᠶᠠᠯᠠᠩ ᠪᠣᠯᠤᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠰᠢᠨ᠎ᠡ ᠠᠷᠭ᠎ᠠ᠂ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠠᠵᠤ ᠦᠢᠯᠡᠰ ᠤᠨ ᠪᠠᠶᠢᠷᠢᠰᠢᠭᠤᠯᠤᠯᠲᠠ ᠳᠤ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠨᠢᠭᠡ ᠪᠦᠯᠦᠭ ᠴᠢᠨᠠᠷ ᠰᠠᠶᠢᠲᠠᠶ ᠲᠥᠷᠥᠯ ᠵᠦᠢᠯ ᠢ ᠥᠨᠳᠥᠷ ᠦᠷ᠎ᠡ ᠪᠦᠲᠦᠮᠵᠢ ᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠠᠢᠨ ᠦᠷ᠎ᠡ ᠪᠦᠲᠦᠭᠡᠯ ᠰᠠᠢᠨ ᠬᠢᠷᠢ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠠᠢ ᠃     ᠬᠠᠷᠠᠴᠢᠨ ᠴᠢᠨ ᠸᠠᠩ ᠤᠨ ᠣᠷᠳᠣᠨ ᠳᠤ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠸᠠᠩ ᠸᠠᠩ ᠱᠸᠡᠩ ᠴᠢᠬᠤᠯᠠᠴᠢᠯᠠᠭᠰᠠᠨ ᠨᠢ᠂ ︽ᠲᠡᠦᠬᠡ ᠰᠣᠶᠣᠯ ᠤᠨ ᠨᠡᠷᠡᠳᠦ ᠪᠠᠯᠭᠠᠰᠤ + ᠰᠣᠶᠣᠯ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠰᠣᠶᠣᠯ ᠤᠨ ᠡᠬᠢ ᠪᠠᠶᠠᠯᠢᠭ ᠢ ᠴᠢᠨᠠᠭᠰᠢᠳᠠ ᠠᠭᠤᠳᠠᠯᠵᠤ᠂ ᠳᠡᠯᠭᠡᠨ ᠦᠵᠡᠭᠦᠯᠬᠦ ᠲᠥᠰᠦᠯ ᠢ ᠰᠢᠯᠢᠳᠡᠭᠵᠢᠭᠦᠯᠵᠦ᠂ ᠵᠤᠭᠠᠴᠠᠯ ᠤᠨ ᠦᠢᠯᠡᠰ ᠤᠨ ᠬᠡᠯᠪᠡᠷᠢ ᠶᠢ ᠪᠠᠶᠠᠯᠢᠭᠵᠢᠭᠤᠯᠵᠤ᠂ ᠴᠢᠨ ᠸᠠᠩ ᠤᠨ ᠣᠷᠳᠣᠨ ᠢ ᠲᠤᠰ ᠬᠤᠭᠤᠴᠠᠭᠠᠨ ᠤ ᠶᠡᠭᠡ ᠬᠤᠷᠠᠯ ᠤᠨ ᠰᠣᠳᠣᠨ ᠪᠦᠲᠦᠭᠡᠯ ᠤᠨ ᠭᠢᠯᠠᠰ ᠴᠡᠭ ᠤᠨ ᠢᠨᠵᠧᠨᠧᠷᠢᠩ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠰᠠᠭᠤᠳᠠᠯ ᠤᠨ ᠬᠤᠷᠠᠯ ᠳᠡᠭᠡᠷ᠎ᠡ᠂ ᠸᠠᠩ ᠸᠠᠩ ᠱᠸᠡᠩ ᠴᠢᠬᠤᠯᠠᠴᠢᠯᠠᠭᠰᠠᠨ ᠨᠢ ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠵᠡᠷᠭᠡ ᠠᠵᠢᠯ ᠤᠨ ᠲᠣᠭᠤᠷᠢᠨ ᠳᠤ᠂ ᠨᠡᠭᠦᠷᠡᠰᠦᠨ ᠤ ᠪᠤᠰᠤ ᠠᠭᠤᠷᠬᠠᠢ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号