ᠠᠷᠪᠠᠨ ᠭᠡᠷ ᠮᠠᠨᠵᠤ ᠦᠨᠳᠦᠰᠦᠲᠡᠨ ᠦ ᠰᠢᠶᠠᠩ ᠤᠨ ᠬᠠᠢᠷ᠎ᠠ ᠬᠠᠯᠠᠮᠵᠢ ᠶᠢᠨ ᠠᠵᠤ ᠠᠬᠤᠢᠯᠠᠯ ᠯᠤᠤᠽᠢ ᠳ᠋ᠢᠶᠠᠨ ᠪᠠᠭ᠎ᠠ ᠰᠤᠷᠭᠠᠭᠤᠯᠢ ᠳᠦ ᠬᠦᠷᠴᠦ ᠲᠡᠳᠬᠦᠮᠵᠢ ᠶᠢᠨ ᠮᠦᠩᠭᠦ ᠬᠠᠨᠳᠢᠪᠯᠠᠪᠠ
ᠨᠡᠶᠢᠲᠡᠯᠡᠭᠰᠡᠨ ᠴᠠᠭ᠄
2023/6/2
ᠠᠷᠪᠠᠨ ᠭᠡᠷ ᠮᠠᠨᠵᠤ ᠦᠨᠳᠦᠰᠦᠲᠡᠨ ᠦ ᠰᠢᠶᠠᠩ ᠤᠨ ᠬᠠᠢᠷ᠎ᠠ ᠬᠠᠯᠠᠮᠵᠢ ᠶᠢᠨ ᠠᠵᠤ ᠠᠬᠤᠢᠯᠠᠯ ᠯᠤᠤᠽᠢ ᠳ᠋ᠢᠶᠠᠨ ᠪᠠᠭ᠎ᠠ ᠰᠤᠷᠭᠠᠭᠤᠯᠢ ᠳᠦ ᠬᠦᠷᠴᠦ ᠲᠡᠳᠬᠦᠮᠵᠢ ᠶᠢᠨ ᠮᠦᠩᠭᠦ ᠬᠠᠨᠳᠢᠪᠯᠠᠪᠠ    5 ᠰᠠᠷ᠎ᠠ ᠶᠢᠨ 31 ᠤ ᠡᠳᠦᠷ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠯᠤᠤᠽᠢ ᠳ᠋ᠢᠶᠠᠨ ᠪᠠᠭ᠎ᠠ ᠰᠤᠷᠭᠠᠭᠤᠯᠢ ᠶᠢᠨ ︽ᠵᠢᠷᠭᠤᠭᠠᠨ ᠰᠠᠷ᠎ᠠ ᠶᠢᠨ ᠨᠢᠭᠡᠨ︾ ᠤ ᠬᠦᠳᠡᠯᠭᠡᠭᠡᠨ ᠵᠢᠴᠢ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠠᠷᠠᠴᠢᠨ ᠬᠤᠰᠢᠭᠤᠨ ᠤ ᠺᠦᠨ ᠢᠦᠶ ᠺᠠᠯᠼ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠬᠤᠸᠠ ᠱᠧᠩ ᠠᠭᠤᠷᠬᠠᠶ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠯᠤᠤᠽᠢ ᠳ᠋ᠢᠶᠠᠨ ᠪᠠᠭ᠎ᠠ ᠰᠤᠷᠭᠠᠭᠤᠯᠢ ᠳᠤ ᠬᠦᠷᠴᠦ ᠳᠡᠳᠬᠦᠮᠵᠢ ᠶᠢᠨ ᠮᠥᠩᠭᠦ ᠬᠠᠨᠳᠢᠪᠯᠠᠪᠠ᠃    ᠬᠤᠶᠠᠷ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠯᠤᠤᠽᠢ ᠳ᠋ᠢᠶᠠᠨ ᠪᠠᠭ᠎ᠠ ᠰᠤᠷᠭᠠᠭᠤᠯᠢ ᠳᠤ 132 ᠪᠢᠴᠢᠭ ᠤᠨ ᠪᠣᠭᠴᠣ ᠬᠠᠨᠳᠢᠪᠯᠠᠵᠤ᠂ ᠨᠡᠶᠢᠲᠡ 2 ᠲᠦᠮᠡᠨ ᠲᠥᠭᠦᠷᠢᠭ ᠬᠠᠨᠳᠢᠪᠯᠠᠵᠤ᠂ ᠯᠤᠤᠽᠢ ᠳ᠋ᠢᠶᠠᠨ ᠪᠠᠭ᠎ᠠ ᠰᠤᠷᠭᠠᠭᠤᠯᠢ ᠶᠢᠨ ᠨᠣᠮ ᠪᠢᠴᠢᠭ᠂ ᠰᠢᠷᠡᠭᠡ ᠰᠠᠨᠳᠠᠯᠢ ᠬᠤᠳᠠᠯᠳᠤᠨ ᠠᠪᠬᠤ ᠳᠤ ᠬᠡᠷᠡᠭᠯᠡᠵᠦ᠂ ᠰᠢᠯᠢᠳᠡᠭ ᠰᠤᠷᠤᠭᠴᠢᠳ ᠢ ᠬᠥᠬᠢᠭᠦᠯᠦᠨ ᠵᠣᠷᠢᠭᠵᠢᠭᠤᠯᠬᠤ ᠵᠡᠷᠭᠡ ᠳᠤ ᠬᠡᠷᠡᠭᠯᠡᠨ᠎ᠡ᠃    ︽ᠨᠤᠲᠤᠭ ᠤᠰᠤᠨ ᠤ ᠪᠠᠨ ᠬᠥᠭᠵᠢᠯᠲᠡ ᠶᠢ ᠠᠩᠬᠠᠷᠴᠤ᠂ ᠴᠢᠳᠠᠪᠤᠷᠢᠲᠠᠨ ᠢ ᠬᠥᠮᠦᠵᠢᠭᠦᠯᠬᠦ ᠶᠢ ᠬᠦᠳᠦᠯᠦᠨ ᠳᠠᠭᠠᠭᠤᠯᠬᠤ︾ ᠠᠭᠤᠳᠠᠮᠴᠢ ᠰᠡᠳᠬᠢᠯᠭᠡ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠢᠨ ᠲᠤᠰ ᠪᠡᠶ᠎ᠡ  ᠪᠠᠨ ᠬᠦᠭᠵᠢᠭᠦᠯᠬᠦ ᠶᠢᠨ ᠳᠠᠭᠠᠤ ᠨᠡᠶᠢᠭᠡᠮ ᠤᠨ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠᠨ ᠢᠮᠠᠭᠲᠠ ᠴᠡᠭᠡᠵᠢᠯᠡᠵᠦ᠂ ᠣᠯᠠᠨ ᠵᠢᠯ ᠤᠨ ᠲᠤᠷᠰᠢ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠠᠵᠤ ᠠᠬᠤᠶᠢᠯᠠᠯ ᠨᠡᠶᠢᠲᠡ ᠶᠢᠨ ᠠᠰᠠᠷᠠᠮᠵᠢ ᠶᠢᠨ ᠦᠢᠯᠡᠰ ᠢ ᠢᠳᠡᠪᠬᠢᠲᠡᠶ ᠰᠠᠨᠠᠭᠠᠴᠢᠯᠠᠵᠤ᠂ ᠨᠡᠶᠢᠲᠡ ᠶᠢᠨ ᠠᠰᠠᠷᠠᠮᠵᠢ ᠶᠢᠨ ᠳᠡᠳᠬᠦᠮᠵᠢ ᠶᠢᠨ ᠮᠦᠩᠭᠦ ᠬᠠᠨᠳᠢᠪᠯᠠᠬᠤ ᠂ ᠶᠠᠳᠠᠭᠤ ᠶᠢ ᠳᠡᠳᠬᠦᠬᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠠᠨᠳᠢᠪᠯᠠᠬᠤ ᠵᠡᠷᠭᠡ ᠠᠵᠢᠯᠯᠠᠭ᠎ᠠ ᠶᠢ ᠣᠯᠠᠨ ᠤᠳᠠᠭ᠎ᠠ ᠵᠣᠬᠢᠶᠠᠨ ᠪᠠᠢᠭᠤᠯᠵᠤ ᠂ ᠨᠡᠶᠢᠭᠡᠮ ᠤᠨ ᠢᠳᠡᠪᠬᠢ ᠬᠦᠴᠦᠨ ᠢ ᠢᠳᠡᠪᠬᠢᠲᠡᠶ ᠳᠠᠮᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠨ᠎ᠠ᠃

640 (1).jpg

640.png

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号