ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠠᠷᠠᠴᠢᠨ ᠬᠤᠰᠢᠭᠤᠨ ᠳᠤ ᠬᠦᠷᠴᠦ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/20
     6 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠯᠢᠦ ᠸᠧᠨ ᠢᠦᠶ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠤᠤ ᠪᠢᠩ ᡁᠢ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠰᠢᠮᠳᠠᠭᠤᠯᠤᠨ ᠪᠠᠶᠢᠴᠠᠭᠠᠬᠤ ᠲᠤᠰᠬᠠᠶ ᠲᠤᠰᠢᠶᠠᠯᠲᠠᠨ ᠦ᠋ ᠰᠢ ᠴᠢᠤᠸᠠᠨ ᠨᠠᠷ ᠬᠠᠷᠠᠴᠢᠨ ᠬᠤᠰᠢᠭᠤᠨ ᠳᠤ ᠬᠦᠷᠴᠦ᠂ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠬᠠᠮᠢᠶ᠎ᠠ ᠪᠥᠬᠦᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠾᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢ ᠰᠢᠤ ᠴᠢᠤᠸᠠᠨ ᠵᠢᠴᠢ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠤᠬᠤᠢ ᠶᠢᠨ ᠴᠢᠯᠠᠭᠤ ᠶᠢᠨ ᠠᠭᠤᠷᠬᠠᠢ ᠶᠢᠨ ᠣᠷᠣᠨ᠂ ᠨᠢᠦ ᠵᠢᠶᠠ ᠢᠩᠽᠢ ᠪᠠᠯᠭᠠᠰᠤᠨ ᠤ ᠰᠢ ᠱᠠᠨ ᠲᠣᠰᠬᠤᠨ ᠤ ᠰᠢᠶᠤᠤ ᠴᠢᠶᠠᠨ ᠯᠢᠶᠠᠩ ᠳᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠨᠠᠷᠢᠨ ᠣᠶᠢᠯᠠᠭᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠦᠢᠴᠡᠳ ᠨᠤᠲᠠᠯᠠᠵᠤ᠂ ᠬᠠᠷᠠᠴᠢᠨ ᠬᠤᠰᠢᠭᠤᠨ ᠤ ᠬᠢᠨ ᠦᠵᠡᠯ ᠰᠠᠨᠠᠭ᠎ᠠ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠠᠰᠤᠷᠠᠯᠳᠠ ᠦᠬᠡᠢ ᠭᠦᠨᠵᠡᠭᠡᠢ ᠲᠤᠤᠱᠯᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠳᠤ ᠲᠤᠤᠱᠯᠠᠭᠤᠯᠵᠤ᠂ ᠪᠣᠳᠠᠲᠠᠢ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ ᠳᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠦᠨᠡᠨᠬᠦ ᠨᠢᠭᠡ ᠬᠤᠪᠢ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号