ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ 37 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/21
     6 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ 37 ᠳ᠋ᠤᠭᠠᠷ ᠤᠳᠠᠭ᠎ᠠ ᠶᠢᠨ ᠪᠠᠶᠢᠩᠬᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠵᠠᠶ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠱᠠᠭᠠᠷᠳᠠᠭᠰᠠᠨ ᠨᠢ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠶ᠋ᠯᠡᠰ ᠤᠨ ᠪᠦᠲᠦᠴᠡ ᠶᠢᠨ ︽ᠳᠥᠷᠪᠡᠨ ᠣᠯᠠᠨ ᠳᠥᠷᠪᠡᠨ ᠴᠥᠭᠡᠨ︾ ᠤ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠬᠤᠪᠢᠷᠠᠭᠤᠯᠵᠤ᠂ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠠᠷᠠᠳ ᠣᠯᠠᠨ ᠤ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠡᠮᠴᠢᠯᠡᠭᠡ ᠵᠡᠷᠭᠡ ᠶᠡᠭᠡ ᠶᠠᠪᠤᠳᠠᠯ ᠢ ᠰᠠᠶᠢᠲᠤᠷ ᠠᠳᠬᠤᠵᠤ᠂ ᠠᠶᠤᠯ ᠥᠬᠡᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠡᠭᠦᠨ ᠤ ᠬᠠᠮᠲᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃     ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ — ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ  ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠦᠶ᠎ᠡ︾ ᠭᠡᠳᠡᠭ ᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠢᠯᠡᠳᠬᠡᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠠᠳᠬᠤᠬᠤ ᠶᠢᠨ ᠥᠪᠥᠷ ᠮᠣᠩᠭᠤᠯ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠪᠠ ᠲᠠᠪᠤᠨ ᠶᠡᠭᠡ ᠡᠭᠦᠷᠭᠡ ᠶᠢᠨ ᠱᠠᠭᠠᠷᠳᠠᠯᠭ᠎ᠠ ᠳᠤ ᠰᠠᠭᠤᠷᠢᠯᠠᠨ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠳᠣᠭᠢᠷᠠᠭᠤᠯᠤᠨ ᠪᠠᠶᠢᠷᠢᠯᠠᠭᠤᠯᠬᠤ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠡᠯ᠎ᠡ ᠬᠦᠷᠢᠶᠡᠨ ᠤ ᠠᠵᠢᠯ ᠳᠤ ᠰᠣᠳᠣᠨ ᠪᠦᠲᠦᠭᠡᠯ᠂ ᠬᠢᠯᠠᠰ ᠴᠡᠭ ᠭᠠᠷᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠤᠯᠤᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠨᠥᠬᠦᠪᠥᠷᠢᠯᠡᠵᠦ᠂ ᠲᠤᠰ ᠬᠦᠷᠢᠶᠡᠨ ᠤ ᠠᠵᠢᠯ ᠢᠶᠠᠨ ᠰᠠᠶᠢᠲᠤᠷ ᠪᠡᠶᠡᠯᠡᠭᠦᠯᠬᠦ ᠶᠢᠨ ᠬᠠᠮᠲᠤ ᠪᠤᠰᠤᠳ ᠬᠦᠷᠢᠶᠡᠨ ᠤ ᠠᠵᠢᠯ ᠤᠨ ᠠᠬᠢᠴᠠ ᠶᠢ ᠢᠯᠡᠭᠦᠬᠡᠨ ᠠᠩᠬᠠᠷᠴᠤ᠂ ᠲᠠᠪᠤᠨ ᠶᠡᠭᠡ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠳᠡᠭᠡᠷ᠎ᠡ ᠬᠠᠭᠠᠰ ᠵᠢᠯ ᠤᠨ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠳᠠᠷᠤᠯᠲᠠ ᠳᠠᠭᠠᠯᠳᠤᠨ ᠨᠡᠮᠡᠭᠳᠡᠵᠦ᠂ ᠵᠠᠷᠢᠮ ᠠᠮᠤᠷ ᠲᠦᠪᠰᠢᠨ ᠤ ᠠᠳᠡᠯ ᠭᠠᠷᠤᠭᠰᠠᠨ ᠨᠢ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠰᠡᠷᠡᠮᠵᠢ ᠶᠢᠨ ᠳᠣᠬᠢᠶ᠎ᠠ ᠥᠭᠭᠦᠭᠰᠡᠨ ᠪᠠᠶᠢᠨ᠎ᠠ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠢᠯᠠᠩᠭᠤᠶ᠎ᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ᠂ ᠬᠤᠭᠤᠯᠠᠨ ᠬᠡᠷ ᠵᠡᠷᠭᠡ ᠴᠢᠬᠤᠯᠠ ᠭᠠᠵᠠᠷ ᠲᠠᠯᠠᠪᠤᠷ᠂ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ ᠤᠨ ᠰᠢᠲᠠᠮᠠᠬᠠᠶ ᠬᠡᠶ ᠶᠢᠨ ᠬᠠᠳᠠᠭᠠᠯᠠᠯᠲᠠ ᠪᠠ ᠬᠡᠷᠡᠭᠯᠡᠯᠲᠡ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠯᠡᠷᠡᠭᠦᠯᠦᠭᠰᠡᠨ ᠠᠰᠠᠭᠤᠳᠠᠯ ᠤᠨ ᠬᠡᠮ ᠰᠣᠭᠤᠭ ᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃     ᠬᠤᠷᠠᠯ ᠠᠴᠠ ᠳᠡᠭᠡᠷ᠎ᠡ ᠬᠠᠭᠠᠰ ᠵᠢᠯ ᠤᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠢᠯᠡᠳᠬᠡᠭᠰᠡᠨ ᠨᠢ ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠰᠢᠭᠤᠳ ᠬᠤᠯᠪᠣᠭᠳᠠᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠡᠵᠡᠮᠳᠡᠵᠦ ᠪᠣᠯᠬᠤ ᠪᠠᠶᠢᠳᠠᠯ ᠢ ᠢᠮᠠᠭᠲᠠ ᠪᠠᠲᠤᠯᠠᠵᠤ᠂ ᠵᠠᠬ᠎ᠠ ᠳᠡᠯᠭᠡᠭᠦᠷ ᠤᠨ ᠠᠮᠤᠷ ᠲᠦᠪᠰᠢᠨ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠬᠤᠲᠠ ᠶᠢᠨ ᠲᠣᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠲᠤ ᠨᠡᠭᠡᠭᠡᠭᠰᠡᠨ ᠢᠳᠡᠭᠡᠨ ᠤᠮᠳᠠᠭᠠᠨ ᠤ ᠵᠢᠵᠢᠭᠯᠡᠨ ᠬᠤᠳᠠᠯᠳᠤᠬᠤ ᠵᠠᠳᠠᠭᠠᠶ ᠳᠡᠯᠭᠡᠭᠦᠷ᠂ ᠨᠡᠭᠦᠳᠡᠯ ᠳᠡᠯᠭᠡᠭᠦᠷᠴᠢᠨ ᠵᠡᠷᠭᠡ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠦᠰ ᠲᠤ ᠡᠷᠡᠭᠦᠯ ᠮᠡᠨᠳᠦ ᠶᠢᠨ ᠦᠨᠡᠮᠯᠡᠯ᠂ ᠪᠠᠷᠠᠭ᠎ᠠ ᠣᠷᠣᠭᠤᠯᠤᠭᠰᠠᠨ ᠪᠠᠷᠢᠮᠲᠠ ᠪᠠᠶᠢᠬᠤ ᠡᠰᠡᠬᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠴᠢᠩᠭ᠎ᠠ ᠠᠳᠬᠤᠬᠤ ᠬᠡᠷᠡᠭᠲᠡᠶ᠃ ᠬᠤᠰᠢᠭᠤᠨ ᠰᠢᠭᠤᠳ ᠬᠠᠷᠢᠶ᠎ᠠ᠂ ᠰᠢᠶᠠᠩ ᠪᠠᠯᠭᠠᠰᠤ ᠶᠢᠨ ᠰᠤᠷᠭᠠᠭᠤᠯᠢ ᠶᠢᠨ ᠬᠦᠷᠢᠶ᠎ᠡ ︵ᠬᠡᠤᠬᠡᠳ ᠤᠨ ᠴᠡᠴᠡᠷᠯᠢᠭ︶ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠬᠤ ᠠᠵᠢᠯ ᠬᠢᠵᠦ᠂ ᠰᠤᠷᠭᠠᠭᠤᠯᠢ ᠶᠢᠨ ᠬᠤᠭᠤᠯᠠᠨ ᠬᠡᠷ᠂ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠳᠡᠯᠭᠡᠭᠦᠷ ᠪᠣᠯᠤᠨ ᠬᠤᠳᠠᠯᠳᠤᠭᠠᠨ ᠤ ᠬᠡᠲᠦ ᠳᠡᠯᠭᠡᠭᠦᠷ ᠤᠨ ᠢᠳᠡᠭᠡᠨ ᠢ ᠭᠤᠤᠯᠳᠠᠯᠭ᠎ᠠ ᠲᠠᠢ ᠪᠠᠶᠢᠴᠠᠭᠠᠵᠤ᠂ ᠰᠤᠷᠤᠭᠴᠢᠳ ᠤᠨ ᠠᠮᠤᠷ ᠲᠦᠪᠰᠢᠨ᠂ ᠰᠢᠮ᠎ᠡ ᠲᠡᠵᠢᠭᠡᠯ ᠲᠠᠢ᠂ ᠰᠠᠨᠠᠭ᠎ᠠ ᠠᠮᠤᠷ ᠢᠳᠡᠬᠦ ᠶᠢ ᠪᠠᠲᠤᠯᠠᠬᠤ ᠬᠡᠷᠡᠭᠲᠡᠶ ᠭᠡᠵᠠᠢ᠃ᠬᠤᠷᠠᠯ ᠠᠴᠠ ᠪᠠᠰᠠ ᠪᠤᠰᠤᠳ ᠵᠥᠪᠯᠡᠬᠦ ᠵᠦᠢᠯ ᠢ ᠰᠤᠳᠤᠯᠤᠨ ᠬᠢᠨᠠᠨ ᠵᠥᠪᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号