ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2023/6/22
     6 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠪᠠᠶᠢᠴᠠᠭᠠᠭᠰᠠᠨ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ 60 ᠭᠠᠷᠤᠶ ᠺᠠᠳ᠋ᠷ ᠠᠵᠢᠯᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠡᠭᠦᠨ ᠤ ᠬᠠᠮᠲᠤ ᠤᠢ ᠰᠢᠭᠤᠢ ᠡᠪᠡᠰᠦ ᠪᠡᠯᠴᠢᠭᠡᠷ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠠᠵᠢᠯᠯᠠᠭᠠᠨ ᠤ ᠵᠦᠭᠯᠡᠭᠦᠷ ᠪᠠ ᠦᠨᠳᠦᠰᠦᠨ ᠵᠢᠷᠤᠮᠯᠠᠯ ᠮᠥᠨ᠂ ᠪᠦᠬᠦ ᠺᠠᠳ᠋ᠷ ᠠᠵᠢᠯᠴᠢᠨ ᠰᠢ ᠶᠢᠨ ᠫᠢᠩ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠡᠷᠡᠯᠬᠡᠭᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠷᠭᠤᠭᠤᠯᠵᠤ᠂ ᠪᠠᠶᠢᠷᠢ ᠲᠣᠭᠲᠠᠭᠠᠯᠲᠠ ᠶᠢ ᠠᠳᠬᠤᠵᠤ᠂ ᠡᠭᠦᠷᠭᠡ ᠡᠷᠢᠵᠦ᠂ ᠱᠠᠯᠠᠪᠳᠠᠨ ᠬᠥᠳᠡᠯᠦᠯᠴᠡᠵᠦ᠂ ᠴᠢᠷᠮᠠᠶᠢᠨ ᠠᠵᠢᠯᠯᠠᠵᠤ᠂ ᠤᠢ ᠰᠢᠭᠤᠢ ᠡᠪᠡᠰᠦ ᠪᠡᠯᠴᠢᠭᠡᠷ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠱᠠᠭᠠᠷᠳᠠᠭᠰᠠᠨ ᠨᠢ᠂ ᠪᠦᠬᠦ ᠺᠠᠳ᠋ᠷ ᠠᠵᠢᠯᠲᠠᠳ ᠰᠢ ᠶᠢᠨ ᠫᠢᠩ ᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠴᠥᠬᠦᠷᠡᠰᠢ ᠦᠭᠡᠢ ᠴᠢᠷᠮᠠᠶᠢᠵᠤ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠣᠯᠤᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠢ ᠰᠢᠭᠤᠢ ᠶᠢᠨ ᠠᠵᠤ ᠠᠬᠤᠢ ᠶᠢ ᠰᠢᠨᠵᠢᠯᠡᠬᠦ ᠤᠬᠠᠭᠠᠨᠴᠢ᠂ ᠡᠷᠴᠢᠮᠲᠡᠢ᠂ ᠡᠮᠬᠢ ᠵᠢᠷᠤᠮ ᠲᠠᠢ ᠪᠠᠷ ᠪᠤᠵᠠᠭᠠᠶᠢᠷᠠᠭᠤᠯᠤᠨ ᠬᠥᠭᠵᠢᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号