ᠶᠢᠨ ᠹᠦ᠋ ᠳ᠋ᠧ ᠴᠤᠸᠠᠩ ᠴᠠᠬᠢᠯᠭᠠᠨ ᠬᠡᠷᠡᠭᠰᠡᠯ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/6/28
     ᠨᠠᠮ ᠤᠨ ᠬᠤᠷᠢᠳᠤᠭᠠᠷ ᠶᠡᠭᠡ ᠬᠤᠷᠠᠯ ᠤᠨ ︽ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ︾ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠬᠥᠭᠦᠷᠭᠡ ᠬᠤᠯᠪᠣᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠭᠠᠭᠤᠯᠬᠤ ᠶᠢ ᠪᠠᠷᠢᠮᠲᠠᠯᠠᠵᠤ᠂ ᠰᠢᠨ᠎ᠡ ᠬᠦᠷᠢᠶᠡᠨ ᠳᠠᠬᠢ ᠡᠮᠡᠭᠲᠡᠶᠢᠴᠦᠳ ᠤᠨ ᠪᠠᠶᠢᠭᠤᠯᠤᠯᠲᠠ ᠶᠢ ᠢᠳᠡᠪᠬᠢᠲᠡᠶ ᠴᠢᠩᠭᠠᠳᠬᠠᠵᠤ᠂ ᠣᠶᠢᠷ᠎ᠠ ᠳᠤ ᠬᠠᠷᠠᠴᠢᠨ ᠬᠤᠰᠢᠭᠤᠨ ᠤ ᠶᠢᠨ ᠹᠦ᠋ ᠳ᠋ᠧ ᠴᠤᠸᠠᠩ ᠴᠠᠬᠢᠯᠭᠠᠨ ᠬᠡᠷᠡᠭᠰᠡᠯ ᠤᠨ ᠡᠮᠡᠭᠲᠡᠶᠢᠴᠦᠳ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠤᠷᠤᠭᠰᠢᠲᠠᠶ ᠬᠤᠷᠠᠯᠳᠤᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠪᠠ᠃     ︽ᠳᠤᠮᠳᠠᠳᠤ ᠶᠢᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠶᠡᠭᠡ ᠬᠤᠷᠠᠯ ᠠᠴᠠ ᠠᠷᠠᠳᠴᠢᠯᠠᠯ ᠢᠶᠠᠷ ᠪᠢᠯᠧᠲ ᠥᠭᠬᠦ ᠪᠠᠷ ᠳᠠᠮᠵᠢᠨ᠂ ᠵᠢᠨ ᠹᠦ᠋ ᠳ᠋ᠧ ᠴᠤᠸᠠᠩ ᠴᠠᠬᠢᠯᠭᠠᠨ ᠬᠡᠷᠡᠭᠰᠡᠯ ᠤᠨ ᠬᠤᠳᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠭᠴᠢ ᠭᠡᠰᠢᠭᠦᠨ 7 ᠬᠥᠮᠦᠨ ᠢ ᠰᠣᠩᠭᠤᠨ ᠭᠠᠷᠭᠠᠭᠰᠠᠨ ᠪᠥᠭᠡᠳ ᠵᠢᠨ ᠹᠦ᠋ ᠳ᠋ᠧ ᠴᠤᠸᠠᠩ ᠴᠠᠬᠢᠯᠭᠠᠨ ᠬᠡᠷᠡᠭᠰᠡᠯ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠭᠦᠢᠴᠡᠳᠬᠡᠭᠴᠢ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠲᠡᠷᠢᠭᠦᠯᠡᠭᠴᠢ 1 ᠬᠥᠮᠦᠨ᠂ ᠳᠡᠳ᠋ ᠲᠡᠷᠢᠭᠦᠯᠡᠭᠴᠢ 2 ᠬᠥᠮᠦᠨ ᠢ ᠰᠣᠩᠭᠤᠨ ᠭᠠᠷᠭᠠᠪᠠ᠃     ︽ᠡᠮᠡᠭᠲᠡᠶ ᠠᠵᠢᠯᠴᠢᠨ ᠤ ᠭᠤᠣᠯ ᠠᠵᠢᠯ ᠤᠨ ᠲᠣᠭᠤᠷᠢᠨ ᠳᠤ ᠠᠵᠢᠯᠯᠠᠬᠤ ᠶᠢ ᠬᠦᠰᠡᠵᠦ ᠪᠠᠶᠢᠨ᠎ᠠ᠂ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠡᠮᠡᠭᠲᠡᠶᠢᠴᠦᠳ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠪᠡᠷᠮᠢᠴᠡ ᠣᠨᠴᠠᠯᠢᠭ ᠲᠠᠢ᠂ ᠡᠮᠡᠭᠲᠡᠢ ᠠᠵᠢᠯᠴᠢᠨ ᠤ ᠦᠵᠡᠵᠦ ᠰᠣᠨᠢᠷᠬᠠᠬᠤ ᠳᠤᠷᠠᠲᠠᠢ ︿ᠡᠮᠡᠭᠲᠡᠶᠢᠴᠦᠳ﹀ ᠨᠡᠷᠡᠳᠦ ᠲᠦᠷᠦᠯ ᠲᠡᠮᠳᠡᠭ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠴᠠᠬᠢᠯᠭᠠᠨ ᠬᠡᠷᠡᠭᠰᠡᠯ ᠤᠨ ᠡᠮᠡᠭᠲᠡᠶᠢᠴᠦᠳ ᠤᠨ ᠬᠤᠯᠪᠣᠭ᠎ᠠ ᠶᠢ ᠦᠨᠡᠨᠬᠦ ᠥᠷᠭᠡᠨ ᠤᠯᠠᠨ ᠡᠮᠡᠭᠲᠡᠶᠢᠴᠦᠳ ᠡᠭᠡᠴᠢ ᠳᠡᠭᠦᠦ ᠨᠡᠷ ᠤᠨ ᠬᠦᠷᠢᠶᠡᠯᠡᠯ ᠢ ᠣᠯᠤᠭᠰᠠᠨ ᠬᠠᠯᠠᠭᠤᠨ ᠳᠤᠯᠠᠭᠠᠨ ᠭᠡᠷ ᠪᠦᠯᠢ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ︾ ᠭᠡᠵᠦ ᠬᠡᠯᠡᠪᠡ᠃ ᠶᠢᠨ ᠹᠦ᠋ ᠳ᠋ᠧ ᠴᠤᠸᠠᠩ ᠴᠠᠬᠢᠯᠭᠠᠨ ᠬᠡᠷᠡᠭᠰᠡᠯ ᠤᠨ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠯᠢ ᠫᠢᠩ ᠰᠤᠷᠪᠤᠯᠵᠢᠯᠠᠭᠴᠢ ᠳᠤ ᠬᠡᠯᠡᠪᠡ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ︽ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠶᠢᠴᠢᠯᠠᠬᠤ︾ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠬᠦᠷᠢᠶᠡᠨ ᠳᠠᠬᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠦᠷᠬᠦᠯᠲᠡ᠂ ᠪᠦᠲᠦᠮᠵᠢᠲᠡᠶ ᠪᠦᠷᠬᠦᠯᠲᠡ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ︽ᠪᠤᠰᠤᠳ︾ ᠡᠩᠨᠡᠭᠡ ᠶᠢ ᠥᠷᠭᠡᠳᠬᠡᠵᠦ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠳᠤᠮᠳᠠ ᠡᠮᠡᠭᠲᠡᠶᠢᠴᠦᠳ ᠤᠨ ᠬᠠᠷᠢᠭᠤᠴᠠᠯᠭ᠎ᠠ ᠶᠢ ᠳᠡᠯᠭᠡᠨ ᠦᠵᠡᠭᠦᠯᠵᠦ᠂ ᠪᠥᠬᠦ ᠬᠤᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠪᠠᠷ ᠴᠢᠷᠮᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号