ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠢᠳᠠᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/28
     6 ᠰᠠᠷ᠎ᠠ ᠶᠢᠨ 27 ᠤ ᠡᠳᠦᠷ ᠦᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠨᠢᠤ ᠵᠢᠶᠠ ᠢᠩᠽᠢ ᠪᠠᠯᠭᠠᠰᠤᠨ ᠳᠤ ᠬᠦᠷᠴᠦ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠹᠠᠩ ᠷᠦᠢ ᠨᠠᠷ ᠤᠷᠢᠳ ᠬᠤᠵᠢᠳ ᠥᠪᠥᠷ ᠮᠣᠩᠭᠤᠯ ᠤᠨ ᠤᠮᠠᠷᠠᠲᠤ ᠶᠢᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠤᠸᠠᠨ ᠴᠢᠩ ᠺᠠᠩ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠷᠳᠡᠭᠡ ᠪᠣᠯᠤᠨ ᠲᠤᠰᠬᠠᠢ ᠠᠩᠭᠢ ᠶᠢᠨ ᠠᠵᠢᠯᠯᠠᠬᠤ ᠲᠠᠯᠠᠪᠤᠷ ᠵᠡᠷᠭᠡ ᠭᠠᠵᠠᠷ ᠲᠤ ᠬᠦᠷᠴᠡᠢ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠯᠤᠰ ᠬᠡᠲᠦ ᠶᠢᠨ ᠲᠥᠯᠥᠪᠵᠢᠭᠦᠯᠭᠡ ᠶᠢᠨ ᠬᠥᠭᠵᠢᠯᠲᠡ ᠳᠤ ᠵᠢᠯᠣᠭᠤᠳᠬᠤ ᠰᠠᠨᠠᠭᠤᠯᠭ᠎ᠠ ᠳᠤᠷᠠᠳᠴᠠᠢ᠃     ᠹᠠᠩ ᠷᠦᠢ ᠵᠢᠭᠠᠵᠤ ᠭᠠᠷᠭᠠᠭᠰᠠᠨ ᠨᠢ᠂ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠠᠴᠢᠶᠠᠯᠠᠪᠤᠷᠢ ᠮᠥᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠠᠢ ᠃     ᠹᠠᠩ ᠷᠦᠢ ᠴᠢᠬᠤᠯᠠᠴᠢᠯᠠᠭᠰᠠᠨ ᠨᠢ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠲᠤᠰᠬᠠᠶ ᠮᠡᠷᠭᠡᠵᠢᠯ ᠤᠨ ᠪᠦᠯᠬᠦᠮ ᠢ ᠤᠷᠢᠵᠤ ᠥᠨᠳᠥᠷ ᠬᠢᠷᠢ ᠲᠦᠪᠰᠢᠨ ᠪᠥᠬᠦᠶ ᠭᠠᠵᠠᠷ ᠰᠢᠷᠣᠶ ᠶᠢᠨ ᠠᠰᠢᠭᠯᠠᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠵᠡᠷᠭᠡ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠬᠦ ᠣᠷᠣᠨ ᠤ ᠲᠡᠷᠢᠭᠦᠨ ᠤ ᠥᠨᠳᠥᠷ ᠪᠠᠷᠢᠮᠵᠢᠶ᠎ᠠ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠳᠡᠭᠡᠳᠦ ᠨᠠᠷᠢᠯᠢᠭ ᠣᠷᠦ᠋ᠢᠯᠠᠭᠰᠠᠨ ᠵᠡᠷᠭᠡ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠥᠷᠨᠢᠭᠦᠯᠵᠦ᠂ ᠠᠷᠠᠯᠵᠢᠶ᠎ᠡ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ ᠵᠡᠷᠭᠡ ᠡᠯ᠎ᠡ ᠵᠦᠢᠯ ᠤᠨ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠰᠦᠪᠡᠭᠴᠢ ᠶᠢ ᠣᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠦᠢᠯᠡᠰ ᠤᠨ ᠣᠳᠣᠬᠢᠴᠢᠯᠠᠭᠰᠠᠨ ᠲᠥᠪᠯᠡᠷᠡᠩᠭᠦᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯ ᠢ ᠭᠦᠢᠴᠡᠳ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠤᠨ ᠬᠠᠷᠢᠯᠴᠠᠨ ᠬᠤᠯᠪᠣᠭᠠᠯᠠᠬᠤ ᠮᠡᠳᠡᠭᠡ ᠵᠠᠩᠭᠢ ᠶᠢᠨ ᠲᠠᠪᠴᠠᠩ ᠢ ᠢᠳᠡᠪᠬᠢᠲᠡᠶ ᠪᠠᠶᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠲᠥᠷᠥ ᠶᠢᠨ ᠪᠣᠳᠣᠯᠭ᠎ᠠ ᠬᠦᠷᠭᠡᠵᠦ᠂ ᠦᠢᠯᠡᠴᠢᠯᠡᠭᠡ ᠬᠦᠷᠭᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ︽ᠱᠠᠭᠠᠷᠳᠠᠯᠭ᠎ᠠ ᠪᠠᠶᠢᠪᠠᠯ ᠵᠠᠪᠠᠯ ᠬᠦᠯᠢᠶᠡᠵᠦ᠂ ᠶᠠᠪᠤᠳᠠᠯ ᠥᠬᠡᠶ ᠪᠣᠯ ᠬᠠᠷᠰᠢᠯᠠᠬᠤ ᠥᠬᠡᠶ︾ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号