ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠮᠠ ᠠᠨ ᠱᠠᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠨᠤᠲᠠᠯᠠᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/28
    6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠮᠠ ᠠᠨ ᠱᠠᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠨᠤᠲᠠᠯᠠᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠣᠣ ᠶᠠᠨ ᠬᠤᠩ᠂ ᠮᠠ ᠵᠢᠩ ᠬᠤᠸᠠ᠂ ᠱᠢ ᡁᠢ ᠯᠢᠶᠠᠩ ᠬᠤᠷᠠᠯ ᠳᠤ ᠣᠷᠣᠯᠴᠠᠵᠤ᠂ ᠾᠧᠨᠠᠨ ᠵᠡᠭᠡᠯᠢ ᠭᠤᠳᠤᠮᠵᠢ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠ ᠠᠨ ᠱᠠᠨ ᠤ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠪᠣᠯ ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠵᠠᠢ᠃    ᠬᠤᠷᠠᠯ ᠠᠴᠠ ᠱᠠᠭᠠᠷᠳᠠᠭᠰᠠᠨ ᠨᠢ᠂ ︽ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︾ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠥᠷᠥᠯ ᠵᠦᠢᠯ ᠢ ᠰᠦᠪᠡᠭᠴᠢᠯᠡᠵᠦ᠂ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠦᠵᠡᠮᠵᠢ ᠶᠢᠨ ᠣᠷᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ ᠳᠥᠯᠭᠢᠨ ᠠᠬᠢᠭᠤᠯᠬᠤ ᠬᠡᠷᠡᠭᠲᠡᠶ᠃ ᠰᠣᠶᠣᠯ ᠢ ᠭᠦᠨᠵᠡᠭᠡᠢ ᠠᠭᠤᠳᠠᠯᠵᠤ᠂ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠢ ᠨᠡᠶᠢᠳᠬᠡᠵᠦ ᠂ ︽ᠰᠣᠶᠣᠯ + ᠠᠮᠢ ᠠᠬᠤᠢ + ᠵᠤᠭᠠᠴᠠᠯ︾ ᠤᠨ ᠠᠭᠤᠰᠤᠯᠴᠠᠨ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠥᠪᠡᠷᠮᠢᠴᠡ ᠣᠨᠴᠠᠯᠢᠭ ᠢ ᠪᠦᠷᠢᠯᠳᠦᠭᠦᠯᠬᠦ ᠬᠡᠷᠡᠭᠲᠡᠢ︔ ᠲᠦᠷᠦᠯ ᠵᠦᠢᠯ ᠤᠨ ᠣᠷᠣᠨ ᠪᠠᠶᠢᠷᠢ ᠶᠢ ᠣᠨᠣᠪᠴᠢᠲᠠᠢ ᠲᠣᠭᠲᠠᠭᠠᠵᠤ᠂ ᠲᠠᠲᠠᠬᠤ ᠬᠦᠴᠦᠨ ᠲᠠᠢ ᠵᠤᠭᠠᠴᠠᠯ ᠤᠨ ᠬᠠᠷᠠᠯᠲᠠ ᠶᠢᠨ ᠭᠠᠵᠠᠷ ᠢᠪᠦᠷᠢᠯᠳᠦᠭᠦᠯᠬᠦ ᠬᠡᠷᠡᠭᠲᠡᠢ᠃ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ ᠵᠠᠬ᠎ᠠ ᠳᠡᠯᠭᠡᠭᠦᠷᠴᠢᠯᠡᠯᠲᠡ ᠪᠠᠷ ᠤᠳᠤᠷᠢᠳᠤᠮᠵᠢ ᠪᠣᠯᠭᠠᠬᠤ᠂ ᠲᠥᠷᠥᠯ ᠵᠦᠢᠯᠴᠢᠯᠡᠨ ᠠᠵᠢᠯᠯᠠᠭᠤᠯᠬᠤ᠂ ᠵᠠᠮ ᠱᠤᠭᠤᠮ ᠢᠶᠠᠷ ᠰᠡᠳᠬᠢᠬᠦ᠂ ᠰᠠᠨᠠᠭᠠᠴᠢᠯᠠᠭ᠎ᠠ ᠲᠠᠢ ᠪᠠᠷ ᠠᠵᠢᠯᠯᠠᠬᠤ ᠶᠢ ᠪᠠᠷᠢᠮᠲᠠᠯᠠᠵᠤ᠂ ᠠᠵᠢᠯᠯᠠᠭᠠᠨ ᠢ ᠴᠢᠩᠭᠠᠳᠬᠠᠨ᠂ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠂ ᠪᠦᠲᠦᠮᠵᠢᠲᠡᠶ ᠪᠠᠯᠠ ᠣᠷᠣᠭᠤᠯᠤᠯᠲᠠ ᠪᠠ ᠡᠮᠬᠢ ᠵᠢᠷᠤᠮ ᠲᠠᠢ ᠪᠥᠲᠥᠭᠡᠨ ᠪᠠᠶᠢᠭᠤᠯᠤᠯᠲᠠ ᠶᠢ ᠪᠣᠶ ᠪᠣᠯᠭᠠᠬᠤ ᠬᠡᠷᠡᠭᠲᠡᠶ︔ ᠪᠣᠳᠠᠲᠠᠶᠢᠵᠢᠭᠤᠯᠬᠤ ᠶᠢ ᠱᠠᠯᠠᠪᠳᠠᠨ ᠠᠬᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠮᠢᠶ᠎ᠠ ᠪᠥᠬᠦᠶ ᠨᠢᠭᠡᠴᠡ ᠶᠢᠨ ᠬᠢᠨ ᠮᠠ ᠠᠨ ᠱᠠᠨ ᠤ ᠵᠢᠭᠤᠯᠴᠢᠯᠠᠯ ᠤᠨ ᠣᠷᠣᠨ ᠤ ᠲᠥᠷᠥᠯ ᠵᠦᠢᠯ ᠤᠨ ᠲᠥᠯᠥᠪᠵᠢᠭᠦᠯᠭᠡ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃    ᠥᠪᠥᠷ ᠮᠣᠩᠭᠤᠯ ᠤᠨ ᠾᠧ ᠮᠧᠢ ᠵᠤᠭᠠᠴᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠸᠧᠢ ᠰᠢᠩ ᠨᠠᠷ ᠦᠵᠡᠮᠵᠢ ᠶᠢᠨ ᠣᠷᠣᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠪᠠᠶᠢᠳᠠᠯ ᠢ ᠲᠠᠨᠢᠯᠴᠠᠭᠤᠯᠪᠠ︔ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠨᠡᠭᠡᠭᠡᠨ ᠬᠥᠭᠵᠢᠭᠦᠯᠬᠦ᠂ ᠲᠥᠯᠥᠪᠵᠢᠭᠦᠯᠦᠨ ᠠᠰᠢᠭᠯᠠᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号