ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 38 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/28
     6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ 38 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠰᠤᠯᠠ ᠣᠷᠣᠯᠴᠠᠵᠠᠶ᠃     ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠶ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠦᠨ ᠱᠤᠤ ᠫᠢᠨ ᠱᠦᠵᠢ ᠶᠢᠨ ᠪᠦᠬᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 81 ᠳ᠋ᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠠᠯᠪᠠᠨ ᠲᠢᠩᠬᠢᠮ ᠤᠨ ︿ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶᠠᠨ ᠤ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠦᠨᠳᠦᠰᠦᠨ ᠱᠠᠳᠤ ᠪᠣᠯ ᠨᠡᠶᠢᠭᠡᠮ ᠤᠨ ᠵᠠᠰᠠᠯᠲᠠ ᠶᠢᠨ ᠰᠠᠭᠤᠷᠢ ᠪᠠ ᠭᠤᠣᠯᠳᠠᠯᠭ᠎ᠠ ᠪᠣᠯᠤᠨ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠨᠢ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠤᠨ ᠤᠷᠳᠤ ᠤᠳᠠᠭᠠᠨ ᠠᠮᠤᠷ ᠲᠦᠪᠰᠢᠨ ᠪᠠᠶᠢᠬᠤ ᠪᠠ ᠥᠷᠭᠡᠨ ᠤᠯᠠᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠶᠢ ᠨᠢᠭᠲᠠ ᠤᠶᠠᠯᠳᠤᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠡᠬᠢᠨ ᠠᠴᠠ ᠳᠠᠭᠤᠰᠲᠠᠯ᠎ᠠ ᠲᠤᠤᠱᠯᠠᠭᠤᠯᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ᠤᠳᠤ ᠦᠶ᠎ᠡ ᠶᠢᠨ ᠬᠥᠳᠡᠭᠡ ᠲᠣᠰᠬᠤᠨ ᠤ ᠵᠠᠰᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠬᠦᠴᠦᠨ ᠢ ᠳᠣᠷᠣᠭᠰᠢ ᠪᠠᠭᠤᠯᠭᠠᠬᠤ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠦᠴᠦᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠶᠢ ᠭᠦᠢᠴᠡᠳ ᠲᠠᠶᠢᠴᠢᠯᠠᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠡᠯᠡᠯ ᠢ ᠰᠣᠨᠣᠰᠴᠤ᠂ ᠬᠤᠷᠠᠯ ᠠᠴᠠ᠂ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠨᠢ ᠨᠠᠮ ᠪᠣᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠣᠨᠴᠠᠭᠠᠢ ᠴᠢᠬᠤᠯᠠ ᠴᠢᠨᠠᠷ ᠲᠠᠢ ᠶᠤᠮ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠨᠢ ᠮᠥᠨᠴᠦ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ ᠭᠡᠵᠦ ᠵᠢᠭᠠᠵᠤ ᠭᠠᠷᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠪᠥᠬᠦ ᠬᠤᠰᠢᠭᠤᠨ ᠤ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠢᠮᠠᠭᠲᠠ ᠵᠥᠪ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠨ᠎ᠠ᠃ ᠦᠨᠳᠦᠰᠦᠲᠡᠨ ᠤ ᠱᠠᠰᠢᠨ ᠰᠤᠷᠲᠠᠬᠤᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠠᠭᠤᠷᠠᠶ ᠲᠠᠯ᠎ᠠ᠂ ᠳᠤᠲᠠᠭᠤᠳᠠᠯ ᠲᠠᠢ ᠲᠠᠯ᠎ᠠ ᠢᠶᠠᠨ ᠨᠥᠬᠦᠪᠥᠷᠢᠯᠡᠵᠦ᠂ ᠠᠵᠢᠯ ᠢᠶᠠᠨ ᠦᠨᠡᠨ ᠬᠦ ᠪᠣᠳᠠᠲᠠᠶ᠂ ᠨᠠᠷᠢᠯᠢᠭ᠂ ᠰᠠᠢᠲᠤᠷ ᠬᠢᠵᠦ᠂ ᠮᠠᠨ ᠤ ᠬᠤᠰᠢᠭᠤᠨ ᠤ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠵᠠᠯᠠᠭᠤ ᠺᠠᠳ᠋ᠷᠴᠤᠳ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠥᠮᠦᠵᠢᠭᠦᠯᠵᠦ ᠰᠢᠯᠢᠨ ᠳᠡᠪᠰᠢᠭᠦᠯᠬᠦ ᠨᠢ ᠲᠤᠢᠯ ᠤᠨ ᠴᠢᠬᠤᠯᠠ ᠪᠠᠢᠵᠤ᠂ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠳᠠᠪᠲᠠᠯᠲᠠ ᠶᠢ ᠴᠢᠩᠭᠠᠳᠬᠠᠵᠤ᠂ ᠵᠠᠯᠠᠭᠤ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠷᠡᠭᠦᠯ ᠢᠶᠠᠷ ᠦᠰᠦᠨ ᠪᠤᠶᠢᠵᠢᠵᠤ ᠲᠠᠪᠰᠢᠬᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃ ᠦᠢᠯᠡᠳᠦᠯᠭᠡ ᠪᠠᠷ ᠳᠠᠪᠲᠠᠨ ᠪᠣᠯᠪᠠᠰᠤᠷᠠᠭᠤᠯᠬᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠬᠥᠭᠵᠢᠯᠲᠡ ᠶᠢᠨ ᠳᠠᠯᠳᠠ ᠬᠦᠴᠦᠨ ᠲᠠᠢ᠂ ᠠᠬᠢᠭᠤᠯᠤᠨ ᠬᠥᠮᠦᠵᠢᠭᠦᠯᠬᠦ ᠴᠢᠬᠤᠯᠠᠲᠠᠢ ᠵᠠᠯᠠᠭᠤ ᠺᠠᠳ᠋ᠷᠴᠤᠳ ᠢ ᠵᠠᠩᠭᠢᠯᠠᠭ᠎ᠠ ᠶᠢᠨ ᠠᠵᠢᠯ ᠤᠨ ᠪᠠᠶᠢᠷᠢᠨ ᠳᠤ ᠲᠠᠯᠪᠢᠨ ᠳᠠᠪᠲᠠᠨ ᠪᠣᠯᠪᠠᠰᠤᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号