ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠲᠦᠷᠦᠭᠦᠤ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/29
     6 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ᠂ ᠵᠤᠸᠠᠩ ᠸᠧᠨ ᠳ᠋ᠢ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠪᠥᠬᠦ ᠬᠤᠰᠢᠭᠤᠨ ᠤ ᠲᠦᠷᠦᠭᠦᠤ ᠬᠠᠭᠠᠰ ᠵᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠠᠵᠤ ᠠᠬᠤᠶ ᠶᠢᠨ ᠪᠠᠶᠢᠳᠠᠯ ᠳᠤ ᠭᠦᠨᠵᠡᠭᠡᠶ ᠵᠠᠳᠠᠯᠤᠯᠲᠠ ᠬᠢᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠲᠠᠢ ᠬᠠᠷᠭᠤᠭᠤᠯᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠵᠢᠯᠯᠠᠭᠠᠨ ᠤ ᠳᠤᠬᠢᠷᠠᠭᠤᠯᠤᠯᠲᠠ ᠪᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠵᠦᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠯᠳᠠ ᠬᠦᠴᠦᠨ ᠢ ᠠᠭᠤᠳᠠᠯᠬᠤ᠂ ᠨᠡᠮᠡᠭᠳᠡᠯ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠦᠵᠢᠭᠦᠯᠬᠦ ᠪᠠ ᠬᠦᠴᠦᠷᠬᠡᠭᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠬᠤᠶᠠᠷ ᠢ ᠬᠠᠭᠠᠰ ᠠᠴᠠ ᠬᠡᠲᠦᠷᠡᠭᠦᠯᠬᠦ︾ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠪᠦᠬᠦ ᠲᠠᠯ᠎ᠠ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠢ ᠶᠢᠨ ᠲᠣᠭᠲᠠᠭᠤᠨ ᠡᠷᠡᠭᠦᠯ ᠠᠵᠢᠯᠯᠠᠭᠠᠨ ᠢ ᠠᠬᠢᠭᠤᠯᠬᠤ ᠬᠡᠷᠡᠭᠲᠡᠢ᠃ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠡᠯ᠎ᠡ ᠵᠦᠢᠯ ᠤᠨ ᠠᠵᠢᠯ ᠢ ᠤᠷᠢᠳᠴᠢᠯᠠᠨ ᠲᠥᠯᠥᠪᠵᠢᠭᠦᠯᠵᠦ᠂ ᠠᠷᠠᠯᠵᠢᠶᠠᠴᠢᠨ ᠤᠷᠢᠬᠤ ᠂ ᠲᠦᠷᠦᠯ ᠵᠦᠢᠯ ᠢ ᠡᠬᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠳᠬᠤᠵᠤ᠂ ᠨᠢᠭᠡ ᠪᠦᠯᠦᠭ ᠲᠤᠮᠤ ᠲᠦᠷᠦᠯ ᠵᠦᠢᠯ ᠂ ᠰᠠᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠥᠭᠡᠴᠡᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠡᠷᠡᠰ ᠪᠠᠲᠤᠳᠬᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠨ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠬᠤ ᠶᠢ ᠬᠢᠨᠠᠮᠠᠭᠠᠶ ᠰᠠᠶᠢᠲᠤᠷ ᠬᠢᠵᠦ᠂ ᠡᠯ᠎ᠡ ᠵᠦᠢᠯ ᠤᠨ ᠲᠤᠭ᠎ᠠ ᠪᠠᠷᠢᠮᠲᠠ ᠶᠢ ᠮᠡᠳᠡᠭᠦᠯᠪᠡᠯ ᠵᠣᠬᠢᠬᠤ ᠶᠢ ᠨᠢ ᠪᠦᠬᠦᠨ ᠢ ᠮᠡᠳᠡᠭᠦᠯᠵᠦ᠂ ᠨᠢᠭᠡᠳᠬᠡᠪᠡᠯ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号