ᠬᠤᠰᠢᠭᠤᠨ ᠳᠠᠷᠤᠭ᠎ᠠ ᠵᠣᠣ ᠶᠠᠨ ᠬᠤᠩ ᠸᠠᠩ ᠶᠧ ᠹᠦ᠋ ᠪᠠᠯᠭᠠᠰᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ ᠴᠡᠭ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/5
    6 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠰᠢᠭᠤᠨ ᠳᠠᠷᠤᠭ᠎ᠠ ᠵᠣᠣ ᠶᠠᠨ ᠬᠤᠩ ᠸᠠᠩ ᠶᠧ ᠹᠦ᠋ ᠪᠠᠯᠭᠠᠰᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ ᠴᠡᠭ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠵᠣᠣ ᠶᠠᠨ ᠬᠤᠩ ᠨᠠᠷ ᠤᠷᠢᠳ ᠬᠤᠵᠢᠳ ᠸᠠᠩ ᠶᠸ᠋ ᠹᠦ᠋ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠰᠢᠶᠠᠨ ᠶᠢᠩ ᠰᠧ ᠰᠦᠮ᠎ᠡ ᠵᠡᠷᠭᠡ ᠭᠠᠵᠠᠷ ᠲᠤ ᠬᠦᠷᠴᠦ᠂ ᠬᠤᠷᠠᠯ ᠤᠨ ᠲᠠᠯᠠᠪᠠᠶ ᠶᠢᠨ ᠪᠠᠶᠢᠷᠢᠯᠠᠭᠤᠯᠤᠯᠲᠠ᠂ ᠵᠣᠴᠢᠳ ᠢ ᠭᠥᠯᠢᠶᠡᠨ ᠠᠪᠬᠤ᠂ ᠲᠣᠭᠤᠷᠢᠨ ᠦᠵᠡᠬᠦ ᠵᠠᠮ ᠱᠤᠭᠤᠮ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠪᠡᠯᠡᠳᠬᠡᠯ ᠠᠵᠢᠯ ᠤᠨ ᠲᠥᠰᠦᠯ ᠢ ᠰᠢᠯᠢᠳᠡᠭᠵᠢᠭᠦᠯᠬᠦ ᠳᠠᠬᠢᠨ ᠪᠠᠶᠢᠷᠢᠯᠠᠭᠤᠯᠤᠯᠲᠠ ᠬᠢᠪᠡ᠃    ᠵᠣᠣ ᠶᠠᠨ ᠬᠤᠩ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠨᠢ ᠮᠠᠨ ᠤ ᠬᠤᠰᠢᠭᠤᠨ ᠤ ᠭᠠᠳᠠᠭᠠᠳᠤ ᠳᠤ ᠬᠠᠨᠳᠤᠭᠤᠯᠠᠨ ᠰᠠᠶᠢᠨ ᠰᠠᠶᠢᠬᠠᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠨ ᠠᠬᠢᠭᠤᠯᠵᠤ᠂ ᠶᠡᠭᠡ ᠬᠤᠷᠠᠯ ᠤᠨ ᠲᠣᠭᠤᠷᠢᠨ ᠦᠵᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠲᠦᠪᠰᠢᠨ ᠢᠶᠠᠷ ᠪᠡᠶᠡᠯᠡᠭᠦᠯᠬᠦ ᠬᠡᠷᠡᠭᠲᠡᠢ᠃ ᠴᠠᠭ ᠤᠨ ᠬᠦᠰᠦᠨᠦᠭᠲᠦ ᠪᠣᠯᠤᠨ ᠵᠠᠮ ᠱᠤᠭᠤᠮ ᠤᠨ ᠵᠢᠷᠤᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭᠠᠨ ᠤ ᠡᠯᠭᠦᠭᠡ ᠵᠢᠷᠤᠭ ᠢ ᠲᠣᠩᠭᠤᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢᠨ ᠴᠢᠨᠠᠷ ᠴᠢᠨᠰᠠᠭ᠎ᠠ ᠶᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠵᠣᠯᠭᠠᠭᠤᠯᠬᠤ ᠠᠷᠭ᠎ᠠ ᠵᠠᠮ ᠢ ᠰᠢᠯᠢᠳᠡᠭᠵᠢᠭᠦᠯᠵᠦ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠭᠦᠨᠵᠡᠭᠡᠶᠢᠷᠡᠭᠦᠯᠵᠦ᠂ ᠶᠡᠭᠡ ᠬᠤᠷᠠᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠣᠯᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠭᠦᠢᠴᠡᠳ ᠠᠭᠤᠳᠠᠯᠵᠤ᠂ ᠮᠠᠨ ᠤ ᠬᠤᠰᠢᠭᠤᠨ ᠤ ᠲᠡᠤᠬᠡ ᠰᠣᠶᠣᠯ ᠤᠨ ᠨᠠᠷᠠᠲᠤ ᠪᠠᠯᠭᠠᠰᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠠᠷᠢ ᠶᠢᠨ ᠦᠪᠡᠷᠮᠢᠴᠡ ᠤᠨᠴᠠᠯᠢᠭ ᠢ ᠢᠯᠡᠷᠡᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢᠶᠠᠷ ᠳᠠᠮᠵᠢᠭᠤᠯᠤᠨ ᠮᠠᠨ ᠤ ᠬᠤᠰᠢᠭᠤᠨ ᠤ ᠬᠦᠳᠡᠭᠡ ᠠᠵᠤ ᠠᠬᠤᠢ ᠰᠣᠶᠣᠯ ᠵᠢᠭᠤᠯᠴᠢᠯᠠᠯ ᠶᠢᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠬᠤᠰᠢᠭᠤᠨ ᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠲᠠᠰ ᠳᠡᠪᠰᠢᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠳᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠤᠷᠠᠮᠳᠤᠭᠤᠯᠤᠨ ᠬᠦᠴᠦᠨ ᠴᠢᠳᠠᠯ ᠨᠡᠮᠡᠷᠢᠯᠡᠬᠦ ᠬᠡᠷᠡᠭᠲᠡᠢ ᠭᠡᠵᠠᠢ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠤᠤ ᠶᠠᠨ ᠬᠤᠩ ᠪᠠᠰᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠦᠶᠡᠷ ᠢ ᠰᠡᠷᠭᠡᠢᠯᠡᠨ ᠭᠠᠩ ᠲᠠᠢ ᠲᠡᠮᠡᠴᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃

640.jpg

 

 

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号