ᠦᠪᠡᠷᠲᠡᠪᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠴᠠᠭᠠᠬᠤ ᠳᠤᠭᠤᠢᠯᠠᠩ ᠬᠠᠷᠠᠴᠢᠨ ᠬᠤᠰᠢᠭᠤᠨ ᠳᠦ ᠬᠦᠷᠴᠦ ︽ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠦᠨ ᠰᠤᠷᠭᠠᠨ ᠬᠦᠮᠦᠵᠢᠯ ᠦᠨ ᠬᠠᠤᠯᠢ︾ ᠶᠢ ᠬᠡᠷᠡᠭᠵᠢᠭᠦᠯᠦᠭᠰᠡᠨ ᠪᠠᠢᠳᠠᠯ ᠢ ᠬᠢᠨᠠᠨ ᠪᠠᠢᠴᠠᠭᠠᠪᠠ
ᠨᠡᠶᠢᠲᠡᠯᠡᠭᠰᠡᠨ ᠴᠠᠭ᠄
2023/6/5
     6 ᠰᠠᠷ᠎ᠠ ᠶᠢᠨ 5 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠮᠦᠩᠭᠡᠨ ᠵᠡᠷᠭᠡ ᠬᠦᠮᠦᠰ ᠬᠠᠷᠠᠴᠢᠨ ᠬᠤᠰᠢᠭᠤᠨ ᠳᠤ ᠬᠦᠷᠴᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠢᠳᠠᠯ ᠳᠤ ᠪᠠᠢᠴᠠᠭᠠᠯᠲᠠ ᠬᠢᠪᠡ ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠥᠩᠬᠡ ᠲᠡᠯᠡᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠯᠢ ᠷᠧᠨ ᠢ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠧ ᠹᠧᠩ ᠭᠦᠸᠧ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ ᠪᠠᠷ᠎ᠠ ᠪᠣᠯᠪᠠ᠃     ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠯᠠᠭᠠᠨᠬᠠᠳᠠ ᠶᠢᠨ ᠪᠠᠷᠢᠯᠭ᠎ᠠ ᠶᠢᠨ ᠰᠤᠷᠭᠠᠭᠤᠯᠢ ᠳᠤ ᠬᠦᠷᠴᠦ᠂ ᠤᠷᠢᠳ ᠬᠤᠵᠢᠳ ᠪᠠᠷᠢᠯᠭ᠎ᠠ ᠶᠢᠨ ᠳᠠᠳᠤᠯᠭ᠎ᠠ ᠪᠣᠯᠪᠠᠰᠤᠷᠠᠯ ᠤᠨ ᠲᠥᠪ᠂ ᠮᠠᠰᠢᠨ ᠲᠡᠷᠭᠡ ᠰᠡᠯᠪᠢᠨ ᠵᠠᠰᠠᠬᠤ ᠳᠠᠳᠤᠯᠭ᠎ᠠ ᠪᠣᠯᠪᠠᠰᠤᠷᠠᠯ ᠤᠨ ᠲᠠᠰᠤᠭ᠂ ᠴᠢ ᠬᠥᠩ ᠪᠢᠴᠢᠭ ᠤᠨ ᠬᠦᠷᠢᠶᠡᠯᠡᠩ ᠵᠡᠷᠭᠡ ᠭᠠᠵᠠᠷ ᠢᠶᠠᠷ ᠲᠣᠭᠤᠷᠢᠨ ᠦᠵᠡᠪᠡ᠃ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠮᠠᠨ ᠤ ᠬᠤᠰᠢᠭᠤᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠳᠤᠮᠳᠠᠬᠢ ᠣᠨᠴᠠᠯᠢᠭ ᠲᠠᠢ ᠭᠢᠯᠠᠰ ᠴᠡᠭ ᠪᠠ ᠲᠤᠷᠰᠢᠯᠭ᠎ᠠ ᠠᠷᠭ᠎ᠠ ᠬᠢᠳᠡᠯ ᠢ ᠨᠠᠷᠢᠨ ᠣᠶᠢᠯᠠᠭᠠᠪᠠ᠃     ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠶᠢᠨ ᠡᠯ᠎ᠡ ᠵᠦᠢᠯ ᠤᠨ ᠬᠠᠤᠯᠢ ᠴᠠᠭᠠᠵᠠ ᠶᠢᠨ ᠱᠠᠭᠠᠷᠳᠠᠯᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠦᠬᠦᠨ ᠳᠤ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠴᠢᠳᠠᠪᠤᠷᠢᠲᠠᠨ ᠤ ᠦᠵᠡᠯᠲᠡ ᠶᠢ ᠨᠢ ᠬᠤᠪᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠢ ᠵᠣᠬᠢᠴᠠᠩᠭᠤᠶ ᠪᠠᠷ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠤᠶ ᠪᠣᠯᠭᠠᠬᠤ ᠬᠡᠷᠡᠭᠲᠡᠶ ᠭᠡᠵᠠᠢ ᠃ 

640 (1).jpg

640.jpg

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号