6 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ | ᠂ ᠬᠤᠰᠢᠭᠤᠨ ᠳᠠᠷᠤᠭ᠎ᠠ ᠵᠣᠣ ᠶᠠᠨ ᠬᠤᠩ ᠮᠠ ᠠᠨ ᠱᠠᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ | ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠦᠵᠡᠭᠦᠯᠦᠯᠭᠡ ᠶᠢᠨ ᠴᠡᠭ ᠤᠨ | ᠪᠡᠯᠡᠳᠬᠡᠯ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | ᠵᠤᠤ ᠶᠠᠨ ᠬᠤᠩ ᠨᠠᠷ ᠤᠷᠢᠳ ᠬᠤᠵᠢᠳ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠤ | ᠵᠣᠴᠢᠳ ᠢ ᠬᠦᠯᠢᠶᠡᠨ ᠠᠪᠬᠤ ᠭᠠᠵᠠᠷ᠂ ᠮᠠ ᠠᠨ ᠱᠠᠨ ᠤ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ | ᠰᠤᠳᠤᠯᠭᠠᠨ ᠤ ᠰᠠᠭᠤᠷᠢᠨ ᠵᠡᠷᠭᠡ ᠭᠠᠵᠠᠷ ᠲᠤ ᠬᠦᠷᠴᠦ᠂ ᠵᠣᠴᠢᠳ ᠢ ᠬᠦᠯᠢᠶᠡᠨ ᠠᠪᠬᠤ᠂ ᠲᠣᠭᠤᠷᠢᠨ ᠦᠵᠡᠬᠦ ᠵᠠᠮ | ᠱᠤᠭᠤᠮ᠂ ᠬᠤᠷᠠᠯ ᠤᠨ ᠲᠠᠯᠠᠪᠠᠢ ᠶᠢᠨ ᠪᠠᠶᠢᠷᠢᠯᠠᠭᠤᠯᠤᠯᠲᠠ᠂ ᠠᠭᠤᠷ ᠠᠮᠢᠰᠬᠤᠯ ᠢ ᠪᠤᠢ ᠪᠣᠯᠭᠠᠬᠤ ᠵᠢᠴᠢ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ | ᠵᠤᠤ ᠶᠠᠨ ᠬᠤᠩ ᠴᠢᠩᠭᠠᠳᠬᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ | ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠳᠠᠯ ᠦᠭᠡᠢ ᠬᠤᠷᠠᠯᠳᠤᠬᠤ | ᠭᠡᠵᠦ ᠪᠠᠶᠢᠨ᠎ᠠ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠶᠡᠭᠡ | ᠲᠠᠯ᠎ᠠ ᠶᠢ ᠡᠵᠡᠮᠳᠡᠵᠦ᠂ ᠥᠨᠳᠥᠷ ᠪᠠᠷᠢᠮᠵᠢᠶ᠎ᠠ ᠪᠠᠷ᠂ ᠥᠨᠳᠥᠷ ᠶᠠᠰᠤ ᠴᠢᠨᠠᠷ ᠲᠠᠢ᠂ ᠥᠨᠳᠥᠷ ᠦᠷ᠎ᠡ | ᠪᠦᠲᠦᠮᠵᠢ ᠲᠠᠢ ᠪᠠᠷ ᠡᠯ᠎ᠡ ᠵᠦᠢᠯ ᠤᠨ ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠢ ᠴᠢᠩᠭ᠎ᠠ ᠠᠩᠬᠠᠷᠴᠤ᠂ ᠬᠦᠴᠦᠨ ᠴᠢᠳᠠᠯ ᠢᠶᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠠᠵᠢᠯ ᠢ ᠲᠦᠷᠭᠡᠳᠬᠡᠵᠦ᠂ ᠶᠡᠭᠡ ᠬᠤᠷᠠᠯ ᠤᠨ ᠡᠯ᠎ᠡ ᠵᠦᠢᠯ ᠤᠨ | ᠪᠡᠯᠡᠳᠬᠡᠯ ᠠᠵᠢᠯ ᠢ ᠲᠣᠭᠲᠠᠭᠰᠠᠨ ᠴᠠᠭ ᠲᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯ ᠤᠨ | ᠲᠥᠰᠦᠯ ᠢᠶᠠᠨ ᠲᠠᠰᠤᠷᠠᠯᠲᠠ ᠦᠭᠡᠶ ᠰᠢᠯᠢᠳᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ | ᠦᠢᠯᠡᠴᠢᠯᠡᠭᠡᠨ ᠤ ᠪᠠᠲᠤᠯᠠᠭ᠎ᠠ ᠪᠠᠨ ᠭᠦᠨᠵᠡᠭᠡᠶᠢᠷᠡᠭᠦᠯᠵᠦ᠂ ᠵᠠᠮ ᠱᠤᠭᠤᠮ ᠤᠨ ᠵᠢᠷᠤᠭ᠂ ᠲᠥᠯᠥᠪᠵᠢᠭᠦᠯᠭᠡ ᠶᠢᠨ | ᠵᠢᠷᠤᠭ᠂ ᠦᠷ᠎ᠡ ᠪᠦᠲᠦᠮᠵᠢ ᠤᠨ ᠵᠢᠷᠤᠭ᠂ ᠦᠵᠡᠮᠵᠢ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ | ᠵᠦᠶ ᠵᠣᠬᠢᠰᠲᠠᠶ ᠲᠥᠯᠥᠪᠯᠡᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ | ᠵᠦᠷᠢᠶᠡᠴᠢᠯᠡᠭᠰᠡᠨ᠂ ᠦᠪᠡᠷᠮᠢᠴᠡ ᠤᠨᠴᠠᠯᠢᠭ ᠪᠦᠬᠦᠢ ᠵᠢᠭᠤᠯᠴᠢᠯᠠᠯ ᠤᠨ | ᠪᠡᠶᠡᠴᠢ ᠤᠢᠯᠭᠠᠯᠲᠠ ᠪᠠᠨ ᠳᠤᠪᠤᠢᠯᠭᠠᠵᠤ᠂ ᠠᠮᠢ | ᠠᠬᠤᠶ ᠶᠢᠨ ᠡᠬᠢ ᠪᠠᠶᠠᠯᠢᠭ᠂ ᠦᠨᠳᠦᠰᠦᠲᠡᠨ ᠤ ᠤᠯᠠᠮᠵᠢᠯᠠᠯᠲᠤ ᠰᠣᠶᠣᠯ᠂ ᠬᠥᠳᠡᠭᠡ ᠨᠤᠲᠤᠭ ᠤᠨ ᠪᠠᠶᠢᠭᠠᠯᠢ ᠶᠢᠨ | ᠥᠩᠭᠡ ᠦᠵᠡᠮᠵᠢ ᠶᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠬᠥᠳᠡᠭᠡ | ᠲᠣᠰᠬᠤᠨ ᠤ ᠵᠢᠭᠤᠯᠴᠢᠯᠠᠯ᠂ ᠠᠵᠤ ᠦᠢᠯᠡᠰ ᠤᠨ ᠬᠥᠭᠵᠢᠯᠲᠡ ᠵᠡᠷᠭᠡ ᠲᠠᠢ ᠭᠦᠨᠵᠡᠭᠡᠶ ᠠᠭᠤᠰᠤᠯᠴᠠᠭᠤᠯᠤᠨ | ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠢ ᠪᠦᠲᠦᠭᠡᠨ | ᠪᠠᠢᠭᠤᠯᠵᠤ᠂ ᠮᠠᠨ ᠤ ᠬᠤᠰᠢᠭᠤᠨ ᠤ ᠬᠦᠳᠡᠭᠡ ᠲᠤᠰᠬᠤᠨ ᠤ | ᠰᠣᠶᠣᠯ ᠵᠢᠭᠤᠯᠴᠢᠯᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠠᠯᠲᠠᠨ ᠰᠢᠷᠭᠠᠯ | ᠨᠡᠷᠡᠲᠦ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠡᠭᠦᠳᠦᠨ ᠪᠦᠲᠦᠭᠡᠵᠦ᠂ ᠠᠵᠤ ᠠᠬᠤᠶ ᠶᠢᠨ | ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠬᠡᠷᠡᠭᠲᠡᠢ | ᠭᠡᠵᠠᠢ᠃ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠵᠣᠣ ᠶᠠᠨ | ᠬᠤᠩ ᠴᠢᠬᠤᠯᠠᠴᠢᠯᠠᠬᠤ ᠳᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢ | ᠴᠢᠩᠭ᠎ᠠ ᠠᠳᠬᠤᠵᠤ᠂ ᠲᠥᠷᠥᠯ ᠵᠦᠢᠯ ᠦᠨ ᠪᠦᠲᠦᠭᠡᠨ | ᠪᠠᠢᠭᠤᠯᠤᠯᠲᠠ ᠶᠢᠨ ᠬᠤᠷᠳᠤᠴᠠ ᠶᠢ | ᠲᠦᠷᠭᠡᠳᠬᠡᠵᠦ᠂ ᠡᠯ᠎ᠡ ᠬᠠᠮᠢᠶ᠎ᠠ ᠪᠥᠬᠦᠶ ᠨᠢᠭᠡᠴᠢ ᠪᠣᠯᠤᠨ ᠰᠠᠯᠠᠭ᠎ᠠ | ᠮᠥᠴᠢᠷ ᠤᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ | ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠲᠠᠢ | ᠬᠠᠷᠭᠤᠭᠤᠯᠵᠤ᠂ ᠲᠥᠷᠥᠯ ᠵᠦᠢᠯ ᠤᠨ ᠠᠵᠢᠯ ᠤᠨ ᠨᠠᠷᠢᠨ ᠬᠠᠭᠤᠳᠠᠰᠤ ᠶᠢ ᠰᠢᠰᠲ᠋ᠧᠮ ᠲᠠᠢ ᠪᠠᠷ ᠡᠮᠬᠢᠯᠡᠨ | ᠳᠢᠭᠯᠡᠵᠦ᠂ ᠵᠢᠷᠤᠭᠯᠠᠨ ᠲᠥᠯᠥᠪᠯᠡᠬᠦ ᠪᠠ ᠪᠠᠷᠢᠯᠭ᠎ᠠ ᠪᠠᠷᠢᠬᠤ ᠲᠥᠰᠦᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠪᠥᠬᠦ ᠬᠦᠴᠦᠨ ᠵᠦᠢᠯ ᠢᠶᠠᠷ ᠪᠠᠲᠤᠯᠠᠵᠤ᠂ ᠪᠥᠬᠦ ᠬᠡᠯᠬᠢᠶ᠎ᠡ ᠪᠠᠷ ᠳᠠᠭᠠᠵᠤ᠂ ᠠᠵᠤ ᠠᠬᠤᠶᠢᠯᠠᠯ ᠳᠤ ᠰᠠᠶᠢᠲᠤᠷ | ᠦᠢᠯᠡᠴᠢᠯᠡᠵᠦ ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ | ᠬᠦᠴᠦᠲᠡᠶ ᠠᠬᠢᠭᠤᠯᠬᠤ ᠬᠡᠷᠡᠭᠲᠡᠶ᠃ ᠡᠯ᠎ᠡ ᠪᠠᠷᠢᠯᠭ᠎ᠠ ᠶᠢᠨ ᠨᠢᠭᠡᠴᠢ ᠨᠦᠭᠦᠳ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠲᠤᠯᠭᠠᠷᠠᠭᠰᠠᠨ ᠠᠰᠠᠭᠤᠳᠠᠯ ᠤᠨ ᠨᠠᠷᠢᠨ ᠬᠠᠭᠤᠳᠠᠰᠤ ᠶᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠡᠭᠦᠷᠭᠡ ᠶᠢ | ᠨᠠᠶᠢᠳᠠᠪᠤᠷᠢᠵᠢᠭᠤᠯᠬᠤ ᠨᠠᠷᠢᠨ ᠬᠠᠭᠤᠳᠠᠰᠤ ᠶᠢ ᠲᠣᠭᠲᠠᠭᠠᠵᠤ᠂ ᠮᠥᠷᠳᠡᠨ ᠦᠢᠯᠡᠴᠢᠯᠡᠬᠦ᠂ | ᠬᠦᠴᠢᠷ ᠠᠰᠠᠭᠤᠳᠠᠯ ᠢ ᠰᠢᠮᠳᠠᠭᠤᠯᠤᠨ ᠭᠦᠢᠴᠡᠳᠬᠡᠬᠦ ᠶᠢ ᠥᠷᠨᠢᠭᠦᠯᠵᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠬᠡᠬᠦ︾ ᠠᠵᠢᠯ ᠢ ᠪᠥᠬᠦ | ᠬᠦᠴᠦᠨ ᠢᠶᠠᠷ ᠢᠶᠠᠨ ᠬᠢᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ | ᠦᠷ᠎ᠡ ᠪᠦᠲᠦᠮᠵᠢ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠤᠤ ᠶᠠᠨ ᠬᠤᠩ ᠪᠠᠰᠠ ᠠᠶᠤᠯᠭᠦᠢ ᠦᠢᠯᠡᠳᠪᠦᠷᠢᠯᠡᠯ᠂ | ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠡᠷᠭᠡ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ | |