ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠰᠢᠨᠬᠤᠸᠠ ᠨᠣᠮ ᠤᠨ ᠳᠡᠯᠭᠡᠭᠦᠷ ᠬᠠᠮᠲᠤᠷᠠᠨ ᠾᠧ ᠮᠧᠶ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠨᠣᠮ ᠪᠡᠯᠡᠭᠯᠡᠪᠡ
ᠨᠡᠶᠢᠲᠡᠯᠡᠭᠰᠡᠨ ᠴᠠᠭ᠄
2023/6/8
     ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳᠪᠠᠳᠠᠷᠠᠭᠤᠯᠵᠤ᠂ ︽ᠵᠢᠱᠢᠶᠡᠴᠢ︾ ᠨᠠᠮ ᠤᠨ ᠡᠭᠦᠷ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠳᠤ ᠨᠣᠮ ᠪᠢᠴᠢᠭ ᠥᠬᠡᠶ᠂ ᠨᠣᠮ ᠪᠢᠴᠢᠭ ᠤᠩᠰᠢᠬᠤ ᠳᠤ ᠬᠦᠴᠢᠷ ᠵᠡᠷᠭᠡ ᠠᠰᠠᠭᠤᠳᠠᠯ ᠢ ᠲᠣᠪᠤᠶᠢᠮ᠎ᠠ ᠰᠢᠢᠳᠪᠦᠷᠢᠯᠡᠬᠦ  ᠶᠢᠨ ᠲᠥᠯᠥᠭᠡ᠂ 6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠢᠨᠬᠤᠸᠠ ᠨᠣᠮ ᠤᠨ ᠳᠡᠯᠭᠡᠭᠦᠷ ᠲᠠᠢ ᠬᠠᠮᠲᠤᠷᠠᠨ ᠨᠣᠮ ᠪᠢᠴᠢᠭ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠤᠯᠠᠭᠠᠨᠬᠠᠳᠠ ᠶᠢᠨ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠰᠢᠨ ᠭᠠᠩ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ᠂ ᠮᠧᠩ ᠳ᠋ᠦᠩ ᠡᠮ ᠡᠮᠨᠡᠯᠭᠡ ᠶᠢᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠤᠯᠪᠣᠭᠠᠲᠤ ᠨᠠᠮ ᠤᠨ ᠡᠭᠦᠷ ᠵᠡᠷᠭᠡ 3 ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠨᠡᠶᠢᠲᠡ 3 ᠲᠦᠮᠡᠨ ᠲᠥᠭᠦᠷᠢᠭ ᠤᠨ ᠥᠷᠲᠡᠭ ᠪᠥᠬᠦᠶ ᠨᠣᠮ ᠪᠢᠴᠢᠭ ᠢ 1100 ᠭᠠᠷᠤᠶ ᠳᠡᠪᠲᠡᠷ ᠬᠠᠨᠳᠢᠪᠯᠠᠪᠠ᠃     ᠾᠧ ᠮᠧᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠵᠦ᠂ ᠨᠠᠮ ᠤᠨ ᠭᠡᠰᠢᠭᠦᠨ ᠤ ᠤᠯᠤᠰ ᠲᠦᠷᠦ ᠶᠢᠨ ᠬᠡᠪ ᠴᠢᠨᠠᠷ ᠪᠣᠯᠤᠨ ᠨᠠᠮᠴᠢ ᠴᠢᠨᠠᠷ ᠤᠨ ᠪᠣᠯᠪᠠᠰᠤᠷᠠᠯ ᠢ ᠴᠢᠷᠮᠠᠶᠢᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号