ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠶ ᠪᠣᠯᠵᠣᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/9
     ᠬᠠᠷᠢᠶᠠᠲᠤ ᠣᠷᠣᠨ ᠤ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠥᠨᠳᠥᠷ ᠳᠠᠪᠬᠤᠷᠭᠠᠲᠤ ᠪᠠᠷᠢᠯᠭ᠎ᠠ ᠶᠢᠨ ᠦᠢᠯᠡᠰ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠵᠣᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃     ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠲᠤ ᠭᠠᠷᠤᠭᠰᠠᠨ ᠭᠠᠯ ᠤᠨ ᠠᠶᠤᠯ ᠤᠨ ᠨᠡᠶᠢᠲᠡᠯᠢᠭ ᠵᠢᠱᠢᠶ᠎ᠡ ᠶᠢ ᠵᠠᠷᠯᠠᠨ ᠮᠡᠳᠡᠭᠳᠡᠵᠦ᠂ ᠬᠠᠷᠢᠶ᠎ᠠ ᠣᠷᠣᠨ ᠤ ᠥᠨᠳᠥᠷ ᠳᠠᠪᠬᠤᠷᠭᠠᠲᠤ ᠪᠠᠷᠢᠯᠭ᠎ᠠ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠨ ᠲᠤᠯᠭᠠᠷᠠᠵᠤ ᠪᠠᠶᠢᠭ᠎ᠠ ᠭᠠᠯ ᠤᠨ ᠠᠶᠤᠯ ᠤᠨ ᠲᠦᠭᠰᠢᠭᠦᠷᠢ ᠶᠢ ᠵᠢᠭᠠᠵᠤ ᠭᠠᠷᠭᠠᠬᠤ ᠶᠢᠨ ᠬᠠᠮᠲᠤ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠤᠰᠬᠠᠶ ᠵᠠᠰᠠᠯᠲᠠ ᠶᠢᠨ ᠠᠵᠢᠯ ᠤᠨ ᠴᠡᠭᠴᠡᠯᠡᠨ ᠵᠠᠰᠠᠬᠤ ᠭᠤᠣᠯᠳᠠᠯᠭ᠎ᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠴᠢᠬᠤᠯᠠᠴᠢᠯᠠᠨ ᠪᠠᠶᠢᠷᠢᠯᠠᠭᠤᠯᠵᠠᠶ᠃     ᠬᠤᠷᠠᠯ ᠠᠴᠠ ᠱᠠᠭᠠᠷᠳᠠᠭᠰᠠᠨ ᠨᠢ᠂ ︽ᠭᠤᠣᠯᠳᠠᠯᠭ᠎ᠠ ᠶᠢ ᠠᠩᠬᠠᠷᠴᠤ︾᠂ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠲᠣᠰ ᠨᠢᠭᠡᠴᠡ ᠶᠢᠨ ᠡᠯ᠎ᠡ ᠭᠤᠭᠴᠤᠭ᠎ᠠ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠬᠤ ᠠᠵᠢᠯ ᠢ ᠬᠠᠮᠢᠶᠠᠷᠬᠤ ᠬᠥᠮᠦᠨ ᠲᠠᠢ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠵᠤ᠂ ᠭᠤᠤᠯᠳᠠᠯᠭ᠎ᠠ ᠲᠠᠢ ᠵᠠᠩᠭᠢᠯᠠᠭ᠎ᠠ ᠶᠢᠨ ᠭᠤᠭᠴᠤᠭ᠎ᠠ ᠪᠣᠯᠤᠨ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠳᠠᠯᠳᠠ ᠭᠡᠮ ᠢ ᠦᠪᠡᠷ ᠲᠡᠭᠡᠨ ᠪᠠᠢᠴᠠᠭᠠᠬᠤ ᠶᠢ ᠴᠢᠩᠭ᠎ᠠ᠂ ᠪᠤᠳᠠᠲᠠᠢ᠂ ᠨᠠᠷᠢᠯᠢᠭ ᠬᠢᠵᠦ᠂ ᠭᠠᠯ ᠤᠨ ᠭᠠᠮᠰᠢᠭ ᠤᠨ ᠬᠡᠮ ᠰᠣᠭᠤᠭ ᠢ ︽ᠨᠡᠮᠡᠭᠳᠡᠭᠦᠯᠬᠦ ᠥᠬᠡᠶ᠂ ᠦᠯᠡᠳᠡᠭᠡᠯ ᠶᠢ ᠠᠷᠢᠯᠭᠠᠬᠤ︾ ᠶᠢ ᠦᠨᠡᠨᠬᠦ ᠪᠠᠲᠤᠯᠠᠬᠤ ᠬᠡᠷᠡᠭᠲᠡᠶ᠃ ︽ᠰᠠᠭᠤᠷᠢ ᠶᠢ ᠪᠠᠲᠤᠳᠬᠠᠵᠤ︾᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠳᠤ ᠴᠢᠭᠯᠡᠭᠦᠯᠦᠨ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠵᠠᠷᠴᠢᠮ ᠶᠣᠰᠣᠭᠠᠷ᠂ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠶᠡᠭᠡ ᠠᠩᠭᠢ ᠶᠢᠨ ᠬᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠ ᠭᠠᠯ ᠤᠨ ᠭᠠᠮᠰᠢᠭ ᠤᠨ ᠳᠠᠯᠳᠠ ᠭᠡᠮ ᠢ ᠬᠠᠤᠯᠢ ᠶᠣᠰᠣᠭᠠᠷ ᠰᠢᠳᠬᠡᠨ ᠲᠣᠷᠭᠠᠵᠤ᠂ ᠲᠦᠷ ᠴᠠᠭ ᠪᠠᠶᠢᠴᠠᠭᠠᠨ ᠪᠢᠲᠡᠭᠦᠮᠵᠢᠯᠡᠵᠦ᠂ ᠬᠠᠭᠠᠵᠤ ᠵᠣᠭᠰᠣᠭᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠭᠠᠯ ᠤᠨ ᠭᠠᠮᠰᠢᠭ ᠤᠨ ᠳᠠᠯᠳᠠ ᠬᠡᠮ ᠢ ᠲᠠᠰ ᠳᠠᠷᠠᠭᠠᠯᠠᠯ ᠶᠣᠰᠣᠭᠠᠷ ᠵᠠᠰᠠᠭ ᠤᠨ ᠣᠷᠳᠣᠨ ᠳᠤ ᠮᠡᠳᠡᠭᠦᠯᠦᠨ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠭᠦᠯᠵᠦ᠂ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠬᠤ ᠬᠡᠷᠡᠭᠲᠡᠶ᠃ ︽ᠤᠬᠠᠭᠤᠯᠭ᠎ᠠ ᠶᠢ ᠴᠢᠩᠭᠠᠳᠬᠠᠵᠤ︾᠂ ᠰᠡᠷᠡᠮᠵᠢ ᠶᠢᠨ ᠲᠤᠬᠢᠶ᠎ᠠ ᠶᠢ ᠴᠣᠬᠢᠬᠤ ᠬᠡᠷᠡᠭᠲᠡᠶ᠃ ᠠᠳᠠᠯ ᠠᠬᠤᠶ ᠶᠢᠨ ᠦᠢᠯᠡᠴᠢᠯᠡᠭᠡᠨ ᠤ ᠡᠯ᠎ᠡ ᠠᠵᠤ ᠠᠬᠤᠶᠢᠯᠠᠯ ᠤᠳ ᠭᠤᠷᠢᠳᠠᠬᠤ ᠪᠤᠳᠤᠯ ᠪᠠ ᠲᠠᠢᠪᠤᠰᠢᠷᠠᠬᠤ ᠦᠵᠡᠯ ᠰᠠᠨᠠᠭ᠎ᠠ ᠶᠢ ᠴᠠᠭ ᠢᠮᠠᠭᠲᠠ ᠡᠷᠡᠰ ᠲᠡᠪᠴᠢᠵᠦ᠂ ᠠᠳᠠᠯ ᠠᠬᠤᠶ ᠶᠢᠨ ᠠᠵᠢᠯᠲᠠᠨ ᠪᠠ ᠥᠮᠴᠢᠲᠡᠨ ᠤ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ ᠂ ᠥᠨᠳᠥᠷ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ ᠪᠠ ᠥᠮᠴᠢᠲᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠣᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠡᠯ᠎ᠡ ᠥᠨᠳᠥᠷ ᠪᠠᠷᠢᠯᠭ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠦᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号