ᠮᠠᠨ ᠤ ᠬᠤᠰᠢᠭᠤᠨ ᠤ 2023 ᠤᠨ ᠤ ᠤᠯᠤᠰ ᠤᠨ ᠰᠢᠯᠭᠠᠯᠲᠠ ᠡᠬᠢᠯᠡᠪᠡ
ᠨᠡᠶᠢᠲᠡᠯᠡᠭᠰᠡᠨ ᠴᠠᠭ᠄
2023/6/9
    6 ᠰᠠᠷ᠎ᠠ ᠶᠢᠨ 7 ᠤ ᠡᠳᠦᠷ᠂ 2023 ᠣᠨ ᠤᠤᠯᠤᠰ ᠤᠨ ᠡᠬᠢᠯᠡᠪᠡ᠃ ᠲᠤᠬᠠᠶ ᠶᠢᠨ ᠡᠳᠦᠷ ᠤᠨ ᠥᠷᠯᠥᠭᠡ᠂ ᠶᠢᠨ ᠱᠠᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠤᠨ ᠠᠵᠢᠯᠲᠠᠳ ᠠᠯᠢ ᠬᠡᠳᠦ᠋ᠢᠨ ᠠᠵᠢᠯ ᠳᠠᠭᠠᠨ ᠣᠷᠣᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠡᠮᠬᠢ ᠵᠢᠷᠤᠮ ᠲᠠᠢ ᠪᠠᠷ ᠭᠦᠢᠴᠡᠳᠬᠡᠵᠦ ᠪᠠᠢᠨ᠎ᠠ ᠂ ᠪᠠᠭᠰᠢ ᠨᠠᠷ ᠤᠯᠠᠭᠠᠨ ᠬᠤᠪᠴᠠᠰᠤ ᠡᠮᠦᠰᠦᠨ᠂ ᠤᠯᠤᠰ ᠤᠨ ᠰᠢᠯᠭᠠᠯᠲᠠ ᠳᠤ ᠤᠷᠤᠯᠴᠠᠬᠤ ᠰᠤᠷᠤᠭᠴᠢ ᠶᠢ ᠤᠭᠲᠤᠵᠤ᠂  ᠬᠠᠩᠭᠢᠨᠠᠮ᠎ᠠ ᠰᠠᠶᠢᠬᠠᠨ ᠤᠷᠢᠶ᠎ᠡ ᠪᠠᠷ ᠤᠯᠤᠰ ᠤᠨ ᠰᠢᠯᠭᠠᠯᠲᠠ ᠳᠤ ᠤᠷᠤᠯᠴᠠᠬᠤ ᠰᠤᠷᠤᠭᠴᠢᠳ ᠳᠤ ᠭᠦᠨ ᠵᠤᠵᠠᠭᠠᠨ ᠬᠦᠰᠡᠯ ᠡᠷᠡᠮᠡᠯᠵᠡᠯ ᠢ ᠢᠯᠡᠳᠬᠡᠵᠦ ᠪᠠᠶᠢᠨ᠎ᠠ᠃    ᠤᠯᠤᠰ ᠤᠨ ᠰᠢᠯᠭᠠᠯᠲᠠ ᠶᠢᠨ ᠲᠤᠰᠬᠠᠶ ᠲᠡᠷᠭᠡ ᠣᠷᠣᠵᠤ ᠢᠷᠡᠬᠦ ᠶᠢ ᠳᠠᠭᠠᠯᠳᠤᠨ᠂ ᠰᠤᠷᠤᠭᠴᠢᠳ ᠡᠮᠬᠢ ᠵᠢᠷᠤᠮ ᠲᠠᠢ ᠪᠠᠷ ᠲᠡᠷᠭᠡᠨ ᠠᠴᠠ ᠪᠠᠭᠤᠵᠤ ᠰᠢᠯᠭᠠᠯᠲᠠ ᠶᠢᠨ ᠴᠡᠭ ᠲᠤ ᠣᠷᠣᠵᠤ᠂ ᠬᠥᠮᠦᠨ ᠤ ᠠᠮᠢᠳᠤᠷᠠᠯ ᠤᠨ ᠵᠠᠮ ᠳᠠᠬᠢ ᠬᠠᠮᠤᠭ ᠤᠨ ᠴᠢᠬᠤᠯᠠ ᠨᠢᠭᠡ ᠤᠳᠠᠭᠠᠨ ᠤ ᠶᠡᠭᠡ ᠰᠢᠯᠭᠠᠯᠲᠠ ᠶᠢ ᠤᠭᠲᠤᠪᠠ᠃ ᠪᠠᠭᠰᠢ ᠪᠣᠯᠤᠨ ᠭᠡᠷ ᠤᠨ ᠠᠬᠠᠮᠠᠳ ᠰᠤᠷᠭᠠᠭᠤᠯᠢ ᠶᠢᠨ ᠡᠭᠦᠳᠡᠨ ᠭᠠᠳᠠᠨ᠎ᠠ ᠰᠤᠷᠤᠭᠴᠢᠳ ᠲᠤ ᠠᠩᠬᠠᠷᠬᠤ ᠵᠦᠢᠯ ᠢ ᠨᠠᠷᠢᠨ ᠬᠢᠨᠠᠮᠠᠭᠠᠢ ᠰᠠᠨᠠᠭᠤᠯᠵᠤ᠂ ᠡᠷᠴᠢ ᠵᠤᠷᠢᠭ ᠢ ᠨᠢ ᠬᠦᠪᠴᠢᠯᠡᠨ᠎ᠡ᠃    ᠣᠶᠢᠯᠠᠭᠠᠭᠰᠠᠨ ᠢᠶᠠᠷ᠂ 2023 ᠣᠨ ᠳᠤ ᠮᠠᠨ ᠤ ᠬᠤᠰᠢᠭᠤᠨ ᠤ ᠤᠯᠤᠰ ᠤᠨ ᠰᠢᠯᠭᠠᠯᠲᠠ ᠳᠤ 3158 ᠬᠥᠮᠦᠨ ᠨᠡᠷ᠎ᠡ ᠮᠡᠳᠡᠭᠦᠯᠵᠦ᠂ 2110 ᠬᠥᠮᠦᠨ ᠲᠠᠯᠠᠪᠠᠶ ᠳᠤ ᠣᠷᠣᠵᠠᠶ᠃ ᠪᠥᠬᠦ ᠬᠤᠰᠢᠭᠤᠨ ᠳᠤ 1 ᠰᠢᠯᠭᠠᠯᠲᠠ ᠶᠢᠨ ᠲᠣᠭᠤᠷᠢᠭ᠂ 3 ᠰᠢᠯᠭᠠᠯᠲᠠ ᠶᠢᠨ ᠴᠡᠭ᠂ 73 ᠰᠢᠯᠭᠠᠯᠲᠠ ᠶᠢᠨ ᠲᠠᠯᠠᠪᠤᠷ᠂ 6 ᠪᠡᠯᠡᠳᠬᠡᠯ ᠰᠢᠯᠭᠠᠯᠲᠠ ᠶᠢᠨ ᠲᠠᠯᠠᠪᠤᠷ᠂ 370 ᠭᠠᠷᠤᠶ ᠰᠢᠯᠭᠠᠯᠲᠠ ᠳᠤ ᠬᠤᠯᠪᠣᠭᠳᠠᠭᠰᠠᠨ ᠠᠵᠢᠯᠲᠠᠨ ᠪᠣᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号