ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠤᠯᠭ᠎ᠠ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/6/9
    6 ᠳ᠋ᠤᠭᠠᠷ ᠰᠠᠷ᠎ᠠ ᠶᠢᠨ 8 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠭᠠᠵᠠᠷ ᠤᠨ ᠳᠠᠷᠤᠭ᠎ᠠ ᠯᠦᠸᠧ ᠶᠦᠩ ᠬᠤᠩ᠂ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠧᠤ ᠭᠤᠸᠠᠩ ᠢᠦᠶ ᠨᠡᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ᠂ ᠬᠤᠲᠠ᠂ ᠬᠤᠰᠢᠭᠤ ᠬᠤᠶᠠᠷ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠢᠨᠱᠠᠨ ᠬᠤᠲᠠ ᠶᠢᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠲᠣᠭᠤᠷᠢᠭ ᠤᠨ ᠭᠤᠳᠤᠮᠵᠢ᠂ ᠬᠤᠸᠠ ᠱᠠᠨ ᠨᠡᠶᠢᠭᠡᠮ ᠲᠣᠭᠤᠷᠢᠭ ᠤᠨ ᠵᠢᠨᠱᠠᠨ ᠬᠠᠭᠤᠴᠢᠨ ᠵᠡᠭᠡᠯᠢ᠂ ᠯᠦᠩ ᠴᠢᠤᠸᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠲᠣᠣᠷᠵᠢᠯ᠂ ᠶᠢᠨ ᠰᠧ ᠶᠡᠭᠡ ᠬᠥᠭᠦᠷᠭᠡ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠷᠠᠭᠤᠨ ᠲᠣᠭᠤᠷᠢᠭ ᠵᠢᠴᠢ ᠮᠠ ᠠᠨ ᠱᠠᠨ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ᠂ ᠸᠠᠩ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠵᠢᠨᠱᠠᠨ ᠬᠤᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ᠂ ᠪᠠᠶᠢᠰᠢᠩ ᠭᠡᠷ ᠤᠨ ᠲᠣᠭᠤᠷᠢᠭ ᠤᠨ ᠢᠵᠢ ᠪᠦᠷᠢᠳᠦᠭᠰᠡᠨ ᠲᠥᠬᠦᠭᠡᠷᠦᠮᠵᠢ᠂ ᠬᠠᠭᠤᠴᠢᠨ ᠵᠡᠭᠡᠯᠢ ᠶᠢᠨ ᠬᠤᠭᠤᠯᠠᠢ ᠱᠤᠭᠤᠮ ᠶᠢᠨ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠬᠤᠲᠠ ᠶᠢᠨ ᠲᠣᠭᠤᠷᠢᠭ ᠤᠨ ᠬᠠᠭᠤᠴᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠵᠠᠰᠠᠵᠤ ᠰᠡᠯᠪᠢᠨ ᠵᠠᠰᠠᠬᠤ ᠲᠤᠬᠠᠢ ᠵᠦᠢ ᠵᠣᠬᠢᠰᠲᠠᠢ ᠰᠠᠨᠠᠯ ᠰᠠᠨᠠᠭᠤᠯᠭ᠎ᠠ ᠳᠤᠷᠠᠳᠴᠠᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠪᠠ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠨᠠᠩ ᠴᠤ ᠬᠥᠭᠵᠢᠯᠲᠡ ᠶᠢᠨ ᠢᠨᠵᠧᠨᠧᠷᠢᠩ ᠮᠥᠨ᠂ ᠬᠡᠮᠵᠢᠶ᠎ᠡ ᠶᠡᠭᠡ ᠬᠡᠪᠴᠢᠶ᠎ᠡ ᠥᠷᠭᠡᠨ᠂ ᠴᠡᠭ ᠣᠯᠠᠨ ᠱᠤᠭᠤᠮ ᠣᠷᠳᠣ ᠵᠡᠷᠭᠡ ᠣᠳᠣᠬᠢ ᠪᠠᠶᠢᠳᠠᠯ ᠳᠤ ᠴᠢᠭᠯᠡᠭᠦᠯᠦᠨ᠂ ᠠᠷᠠᠳ ᠣᠯᠠᠨ ᠢ ᠠᠮᠤᠷ ᠲᠠᠶᠢᠪᠤᠩ ᠠᠮᠢᠳᠤᠷᠠᠭᠤᠯᠬᠤ ᠡᠨᠡ ᠬᠦ ᠰᠠᠭᠤᠷᠢ ᠴᠡᠭ ᠢ ᠪᠠᠲᠤ ᠠᠳᠬᠤᠵᠤ᠂ ᠠᠷᠠᠳ ᠣᠯᠠᠨ ᠤ ᠠᠮᠢᠳᠤᠷᠠᠯ ᠳᠤ ᠣᠶᠢᠷᠠᠲᠤᠭᠤᠯᠬᠤ᠂ ᠣᠯᠠᠨ ᠲᠦᠮᠡᠨ ᠳᠤ ᠨᠡᠶᠢᠳᠡᠮ ᠮᠡᠳᠡᠷᠡᠭᠦᠯᠬᠦ ᠵᠠᠷᠴᠢᠮ ᠶᠣᠰᠣᠭᠠᠷ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠬᠡᠷᠡᠭᠲᠡᠶ᠃ ᠰᠠᠭᠤᠷᠢ ᠲᠥᠬᠦᠭᠡᠷᠦᠮᠵᠢ ᠶᠢᠨ ᠵᠦᠢᠯᠡᠰ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠲᠦᠷᠭᠡᠪᠴᠢᠯᠡᠨ ᠠᠬᠢᠭᠤᠯᠵᠤ᠂ ᠵᠠᠮ᠂ ᠬᠤᠭᠤᠯᠠᠶ ᠤᠲᠠᠰᠤ᠂ ᠤᠰᠤ ᠵᠠᠯᠠᠬᠤ᠂ ᠮᠡᠳᠡᠭᠡ ᠬᠤᠯᠪᠣᠭ᠎ᠠ᠂ ᠳᠤᠯᠠᠭᠠᠯᠠᠭ᠎ᠠ᠂ ᠵᠠᠮ ᠤᠨ ᠳ᠋ᠧᠩ᠂ ᠴᠠᠬᠢᠯᠭᠠᠨ ᠬᠦᠴᠦᠨ ᠤ ᠬᠤᠭᠤᠯᠠᠶ ᠵᠡᠷᠭᠡ ᠢᠨᠵᠧᠨᠧᠷᠢᠩ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠨᠥᠬᠦᠴᠡᠯ᠂ ᠲᠥᠬᠦᠭᠡᠷᠦᠮᠵᠢ ᠶᠢᠨ ᠨᠥᠬᠦᠴᠡᠯ ᠪᠠ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠤᠯᠤᠯᠴᠠᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠬᠡᠰᠡᠭ ᠲᠣᠭᠤᠷᠢᠭ ᠬᠤᠪᠢᠶᠠᠨ ᠦᠢᠯᠡᠴᠢᠯᠡᠭᠡᠨ ᠤ ᠲᠥᠬᠦᠭᠡᠷᠦᠮᠵᠢ ᠪᠠ ᠤᠯᠠᠨ ᠨᠡᠶᠢᠲᠡ ᠶᠢᠨ ᠣᠷᠣᠨ ᠵᠠᠢ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠹᠠᠩ ᠷᠦᠢ ᠢᠯᠡᠷᠬᠡᠶᠢᠯᠡᠬᠦ ᠳᠡᠭᠡᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠭᠦᠷᠭᠡ ᠴᠢᠳᠠᠪᠤᠷᠢ ᠶᠢᠨᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠬᠦᠴᠢᠷ ᠵᠣᠪᠠᠭᠤᠷᠢ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠯᠠᠪᠳᠠᠭᠤᠨ ᠪᠠᠲᠤᠲᠠᠶ ᠪᠠᠷ ᠠᠷᠠᠳ ᠤᠨ ᠲᠥᠯᠥᠭᠡ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ᠂ ᠬᠤᠲᠠ ᠶᠢᠨ ᠴᠢᠨᠠᠷ ᠴᠢᠨᠰᠠᠭ᠎ᠠ ᠳᠦᠷᠢ ᠲᠥᠷᠬᠦ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠳᠤ ᠴᠠᠭ ᠦᠶ᠎ᠡ ᠶᠢᠨ ᠬᠥᠭᠵᠢᠯᠲᠡ ᠶᠢᠨ ᠠᠰᠢᠭ ᠲᠤᠰᠠ ᠶᠢ ᠨᠡᠶᠢᠳᠡᠮ ᠡᠳ᠋ᠯᠡᠭᠦᠯᠦᠨ᠎ᠡ ᠭᠡᠵᠡᠶ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠬᠠᠷᠠᠴᠢᠨ ᠬᠤᠰᠢᠭᠤᠨ ᠤ ᠲᠣᠭᠤᠷᠢᠨ ᠦᠵᠡᠬᠦ ᠭᠠᠵᠠᠷ ᠤᠨ ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号