ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠢᠳᠠᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/9
    6 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠶᠢᠨ ᠱᠠᠨ ᠪᠠᠯᠭᠠᠰᠤᠨ ᠤ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃    ᠹᠠᠩ ᠷᠦᠢ ᠲᠤᠭᠤᠷᠢᠨ ᠦᠵᠡᠬᠦ ᠶᠢᠨ ᠲᠠᠭᠤ ᠬᠠᠷᠢᠭᠤ ᠮᠡᠳᠡᠭᠦᠯᠦᠯᠲᠡ ᠶᠢ ᠰᠤᠨᠤᠰᠴᠦ ᠂ ᠲᠡᠷᠡ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠳᠠᠯ ᠦᠭᠡᠶ ᠬᠤᠷᠠᠯᠳᠤᠬᠤ ᠭᠡᠵᠦ ᠪᠠᠶᠢᠨ᠎ᠠ᠂ ᠴᠠᠭ ᠪᠠᠴᠢᠮ᠂ ᠡᠭᠦᠷᠭᠡ ᠬᠦᠨᠳᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠪᠠᠶᠢᠭᠠᠯᠢ ᠶᠢᠨ ᠣᠷᠴᠢᠨ ᠲᠣᠭᠤᠷᠢᠨ ᠤ ᠵᠢᠮ᠎ᠡ ᠶᠣᠰᠣ᠂ ᠵᠤᠭᠠᠴᠠᠯ ᠤᠨ ᠵᠠᠬ᠎ᠠ ᠳᠡᠯᠭᠡᠭᠦᠷ ᠤᠨ ᠵᠢᠮ᠎ᠡ ᠶᠣᠰᠣ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠵᠢᠷᠤᠮᠯᠠᠭᠰᠠᠨ ᠰᠠᠭᠤᠷᠢᠨ ᠳᠡᠭᠡᠷ᠎ᠡ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠵᠤ᠂ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠢᠦᠢ ᠯᠦᠩ ᠴᠤᠸᠠᠨ ᠢ ︽ᠪᠠᠶᠢᠭᠠᠯᠢ᠂ ᠰᠡᠯᠡᠭᠦᠴᠡᠯ᠂ ᠡᠷᠡᠭᠦᠯᠵᠢᠯ ᠰᠤᠪᠢᠯᠠᠯᠲᠠ᠂ ᠵᠤᠭᠠᠴᠠᠯ︾ ᠢ ᠨᠢᠭᠡ ᠴᠤᠬᠴᠠᠵᠢᠭᠤᠯᠤᠬᠰᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠴᠡᠭ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠲᠣᠭᠤᠷᠢᠨ ᠦᠵᠡᠬᠦ ᠵᠠᠮ ᠱᠤᠭᠤᠮ ᠢ ᠰᠢᠯᠢᠳᠡᠭᠵᠢᠭᠦᠯᠵᠦ᠂ ᠵᠤᠭᠠᠴᠠᠯ ᠤᠨ ᠦᠢᠯᠡᠰ ᠤᠨ ᠪᠠᠶᠢᠳᠠᠯ ᠢ ᠵᠣᠬᠢᠰᠲᠠᠢ ᠪᠠᠶᠢᠷᠢᠰᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠴᠡᠭᠴᠡᠯᠡᠨ ᠵᠠᠰᠠᠵᠤ᠂ ᠦᠵᠡᠮᠵᠢ ᠶᠢᠨ ᠣᠷᠣᠨ ᠤ ᠬᠦᠯᠢᠶᠡᠨ ᠠᠪᠬᠤ ᠦᠢᠯᠡᠴᠢᠯᠡᠭᠡᠨ ᠤ ᠲᠥᠬᠦᠭᠡᠷᠦᠮᠵᠢ ᠶᠢ ᠰᠠᠶᠢᠵᠢᠷᠠᠭᠤᠯᠵᠤ᠂ ᠦᠵᠡᠮᠵᠢ ᠶᠢᠨ ᠣᠷᠣᠨ ᠤ ᠬᠦᠯᠢᠶᠡᠨ ᠠᠪᠬᠤ ᠦᠢᠯᠡᠴᠢᠯᠡᠭᠡᠨ ᠤ ᠴᠢᠳᠠᠪᠤᠷᠢ ᠪᠣᠯᠤᠨ ᠶᠠᠰᠤ ᠴᠢᠨᠠᠷ ᠤᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠬᠤᠲᠠ ᠬᠤᠰᠢᠭᠤ ᠬᠤᠶᠠᠷ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ᠂ ᠨᠢᠭᠲᠠ ᠬᠠᠮᠵᠢᠯᠴᠠᠵᠤ᠂ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠯᠠᠨ ᠠᠷᠭ᠎ᠠ ᠵᠠᠮ ᠢᠶᠠᠷ ᠤᠬᠠᠭᠤᠯᠤᠨ ᠲᠠᠨᠢᠯᠴᠠᠭᠤᠯᠵᠤ᠂ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠤᠨ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠢᠦᠢ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠬᠥᠳᠡᠭᠡ ᠲᠣᠰᠬᠤᠨ ᠤ ᠵᠤᠭᠠᠴᠠᠯ ᠤᠨ ᠠᠯᠳᠠᠷᠰᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号