ᠮᠠᠨ ᠤ ᠬᠤᠰᠢᠭᠤ ᠠᠩᠬᠠᠳᠤᠭᠠᠷ ᠬᠤᠭᠤᠴᠠᠭᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/6/9
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠦᠨᠳᠦᠰᠦᠲᠡᠨ ᠤ ᠠᠵᠢᠯ ᠤᠨ ᠺᠠᠳ᠋ᠷ ᠤᠨ ᠣᠨᠣᠯ ᠤᠨ ᠮᠡᠳᠡᠯᠭᠡ ᠶᠢᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ 6 ᠰᠠᠷ᠎ᠠ ᠶᠢᠨ 7 ᠤ ᠡᠳᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠰᠢᠭᠤᠨ ᠤ ᠬᠤᠷᠢᠶ᠎ᠠ ᠪᠠ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠭᠤᠤᠯ ᠰᠡᠳᠦᠪᠲᠦ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ︵ᠨᠢᠭᠡᠳᠦᠭᠡᠷ ᠬᠤᠭᠤᠴᠠᠭ᠎ᠠ︶ ᠡᠷᠭᠢᠯᠡᠪᠡ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠭᠤᠤᠯᠳᠠᠯᠭ᠎ᠠ ᠲᠠᠢ ᠨᠢᠭᠡᠴᠡ ᠶᠢᠨ 40 ᠰᠢᠬᠠᠮ ᠦᠨᠳᠦᠰᠦᠲᠡᠨ ᠤ ᠠᠵᠢᠯ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠤᠷᠤᠯᠳᠤᠭᠠᠨ ᠳᠤ ᠣᠷᠣᠯᠴᠠᠵᠠᠶ      ᠮᠡᠳᠡᠯᠭᠡ ᠶᠢᠨ ᠤᠷᠤᠯᠳᠤᠭᠠᠨ ᠢ ᠦᠷᠭᠦᠯᠵᠢᠯᠡᠨ ᠪᠦᠲᠦᠮᠵᠢᠲᠡᠢ ᠥᠷᠨᠢᠭᠦᠯᠬᠦ ᠶᠢᠨ ᠲᠥᠯᠥᠭᠡ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠰᠦᠯᠵᠢᠶᠡᠨ ᠳᠡᠭᠡᠷᠡᠬᠢ ᠰᠢᠯᠭᠠᠯᠲᠠ ᠶᠢᠨ ᠤᠳᠤᠨ ᠰᠡᠳᠦᠪ ᠬᠠᠷᠢᠭᠤᠯᠬᠤ ᠰᠢᠰᠲ᠋ᠧᠮ ᠢᠶᠠᠷ ᠳᠠᠮᠵᠢᠭᠤᠯᠤᠨ ᠤᠷᠤᠯᠳᠤᠭᠠᠨ ᠳᠤ ᠣᠷᠣᠯᠴᠠᠭᠰᠠᠳ ᠲᠤ ᠪᠡᠯᠡᠳᠬᠡᠯ ᠰᠡᠳᠦᠪ ᠤᠨ ᠬᠥᠮᠥᠷᠭᠡ ᠬᠠᠩᠭᠠᠵᠤ᠂ ᠰᠡᠳᠦᠪ ᠤᠨ ᠬᠡᠯᠪᠡᠷᠢ ᠳᠤ ᠲᠠᠩᠭᠠᠷ ᠰᠣᠩᠭᠤᠬᠤ᠂ ᠤᠯᠠᠨ ᠰᠣᠩᠭᠤᠬᠤ᠂ ᠮᠠᠭᠠᠳᠯᠠᠬᠤ ᠪᠠ ᠬᠤᠭᠤᠰᠣᠨ ᠢ ᠲᠠᠭᠯᠠᠬᠤ ᠵᠡᠷᠭᠡ 700 ᠭᠠᠷᠤᠢ ᠰᠡᠳᠦᠪ ᠪᠠᠭᠲᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠨᠠᠮ ᠤᠨ ᠪᠠᠶᠢᠭᠤᠯᠤᠯᠲᠠ ᠶᠢᠨ ᠮᠡᠳᠡᠯᠭᠡ ᠪᠣᠯᠤᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠪᠠᠶᠢᠩᠭᠤ ᠬᠡᠷᠡᠭᠯᠡᠭᠳᠡᠬᠦ ᠮᠡᠳᠡᠯᠭᠡ ᠵᠡᠷᠭᠡ ᠶᠢ ᠬᠠᠮᠤᠷᠴᠠᠢ᠃ ᠲᠤᠰ ᠤᠳᠠᠭᠠᠨ ᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3᠂ ᠰᠢᠯᠢᠳᠡᠭ ᠱᠠᠩᠨᠠᠯ ᠬᠡᠳᠦᠨ ᠨᠡᠷᠡᠰ ᠰᠢᠯᠭᠠᠷᠠᠭᠤᠯᠪᠠ᠃ ᠭᠤᠣᠯᠯᠠᠨ ᠡᠷᠬᠢᠯᠡᠭᠰᠡᠨ ᠨᠢᠭᠡᠴᠡ ᠶᠢᠨ ᠤᠳᠤᠷᠢᠳᠤᠯᠭ᠎ᠠ ᠠᠴᠠ ᠱᠠᠩᠨᠠᠯ ᠣᠯᠤᠭᠰᠠᠳ ᠲᠤ ᠱᠠᠩᠨᠠᠯ ᠭᠠᠷᠳᠠᠭᠤᠯᠪᠠ᠃ ᠬᠤᠷᠠᠯ ᠳᠡᠭᠡᠷ᠎ᠡ ᠪᠠᠰᠠ ᠦᠨᠳᠦᠰᠦᠲᠡᠨ ᠤ ᠠᠵᠢᠯ ᠤᠨ ᠳᠠᠩᠰᠠ ᠡᠪᠬᠡᠮᠡᠯ ᠢ ᠡᠮᠬᠢᠯᠡᠬᠦ ᠪᠠ ᠬᠠᠮᠢᠶᠠᠷᠬᠤ ᠲᠠᠯ᠎ᠠ ᠪᠠᠷ ᠪᠣᠯᠪᠠᠰᠤᠷᠠᠯ ᠬᠦᠷᠲᠡᠭᠡᠪᠡ᠃     ᠲᠤᠰ ᠤᠳᠠᠭᠠᠨ ᠤ ᠮᠡᠳᠡᠯᠭᠡ ᠶᠢᠨ ᠥᠷᠢᠰᠥᠯᠳᠦᠭᠡᠨ ᠤ ᠠᠵᠢᠯᠯᠠᠭ᠎ᠠ ᠨᠢ ᠮᠠᠰᠢ ᠰᠣᠨᠢᠷᠬᠠᠯᠲᠠᠢ ᠪᠥᠭᠡᠳ ᠤᠳᠬ᠎ᠠ ᠠᠭᠤᠯᠭ᠎ᠠ ᠲᠠᠢ ᠪᠠᠶᠢᠵᠤ᠂ ᠮᠠᠰᠢ ᠤᠯᠠᠨ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠰᠣᠷᠣᠭᠰᠠᠨ ᠢᠶᠠᠷ ᠪᠠᠷᠠᠬᠤ ᠦᠭᠡᠢ ᠪᠠᠰᠠ ᠢᠯᠡᠳᠲᠡ ᠦᠷ᠎ᠡ ᠪᠦᠲᠦᠮᠵᠢ ᠲᠠᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠬᠦᠷᠳᠡᠭᠰᠡᠨ ᠪᠠᠶᠢᠨ᠎ᠠ ᠭᠡᠵᠦ ᠤᠷᠤᠯᠳᠤᠭᠠᠨ ᠳᠤ ᠤᠷᠤᠯᠴᠠᠭᠰᠠᠳ ᠢᠯᠡᠳᠬᠡᠪᠡ᠃     ᠲᠣᠰ ᠤᠳᠠᠭᠠᠨ ᠤ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠲᠡᠨ ᠤ ᠣᠨᠣᠯ ᠤᠨ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠯ᠎ᠡ ᠵᠦᠢᠯ ᠤᠨ ᠠᠵᠢᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠷᠮᠠᠰᠢᠭᠤᠯᠵᠠᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠲᠤᠬᠠᠶᠢᠯᠠᠭᠰᠠᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠪᠦᠯᠦᠭ ᠬᠤᠪᠢᠶᠠᠨ ᠲᠠᠩᠰᠠ ᠡᠪᠬᠡᠮᠡᠯ ᠤᠨ ᠪᠣᠯᠪᠠᠰᠤᠷᠠᠭᠤᠯᠤᠯ ᠥᠷᠨᠢᠭᠦᠯᠵᠦ᠂ ᠦᠨᠳᠦᠰᠦᠲᠡᠨ ᠤ ᠣᠨᠣᠯ ᠤᠨ ᠮᠡᠳᠡᠯᠭᠡ ᠶᠢᠨ ᠤᠷᠤᠯᠳᠤᠭᠠᠨ ᠢ ᠪᠠᠶᠢᠩᠭᠤᠵᠢᠭᠤᠯᠬᠤ ᠠᠵᠢᠯᠯᠠᠭ᠎ᠠ ᠪᠣᠯᠭᠠᠨ ᠡᠷᠭᠢᠯᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号