ᠮᠠᠨ ᠤ ᠬᠤᠰᠢᠭᠤ ︽ᠭᠤᠷᠪᠠᠳᠤᠭᠠᠷ ᠠᠵᠤ ᠦᠢᠯᠡᠰ︾ ᠦᠢᠯᠡᠴᠢᠯᠡᠭᠡᠨ ᠤ ᠦᠢᠯᠡᠰ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/9
     6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ︽ᠭᠤᠷᠪᠠᠳᠤᠭᠠᠷ ᠠᠵᠤ ᠦᠢᠯᠡᠰ ︾ ᠦᠢᠯᠡᠴᠢᠯᠡᠭᠡᠨ ᠤ ᠦᠢᠯᠡᠰ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠲᠤᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠷᠦᠭᠦᠤ ᠬᠠᠭᠠᠰ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠭᠤᠤᠯᠳᠠᠯᠭ᠎ᠠ ᠲᠠᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠬᠤᠰᠢᠭᠤᠨ ᠤᠳᠤᠷᠢᠳᠤᠯᠭ᠎ᠠ ᠮᠠ ᠶᠦᠩ ᠭᠠᠩ᠂ ᠱᠢ ᡁᠢ ᠯᠢᠶᠠᠩ᠂ ᠶᠠᠩ ᠸᠧᠨ ᠳ᠋ᠦᠩ᠂ ᠵᠤᠸᠠᠩ ᠸᠧᠨ ᠳ᠋ᠢ ᠬᠤᠷᠠᠯ ᠳᠤ ᠣᠷᠣᠯᠴᠠᠵᠤ᠂ ᠬᠤᠰᠢᠭᠤᠨ ᠦ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠣᠳᠣᠬᠠᠨ ᠤ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ  ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭᠠᠨ ᠤ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠬᠡᠲᠦ ᠤᠳᠠᠭᠠᠨ ᠪᠠᠶᠢᠭ᠎ᠠ ᠬᠦᠨᠳᠦ ᠬᠡᠴᠡᠭᠦᠤ ᠪᠠᠶᠢᠳᠠᠯ ᠢ ᠭᠦᠢᠴᠡᠳ ᠲᠠᠨᠢᠵᠤ᠂ ᠬᠠᠷᠠᠯᠲᠠ ᠶᠢᠨ ᠣᠷᠣᠨ ᠳᠠᠪᠰᠢᠬᠤ ᠤᠬᠠᠮᠰᠠᠷ ᠢᠶᠠᠨ ᠴᠢᠩᠭᠠᠳᠬᠠᠵᠤ᠂ ᠣᠷᠣᠨ ᠳᠠᠪᠰᠢᠬᠤ ᠬᠠᠷᠠᠯᠲᠠ ᠶᠢ ᠲᠣᠳᠣᠷᠬᠠᠶ ᠪᠠᠲᠤᠯᠠᠨ᠂ ᠵᠢᠱᠢᠭᠰᠡᠨ ᠭᠦᠢᠴᠡᠳᠬᠡᠯ ᠲᠤᠭ᠎ᠠ ᠶᠢᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠠᠵᠤ ᠦᠢᠯᠡᠳᠪᠦᠷᠢ ᠶᠢᠨ ᠰᠠᠯᠠᠭ᠎ᠠ᠂ ᠲᠤᠭ᠎ᠠ ᠪᠦᠷᠢᠳᠬᠡᠯ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠬᠠᠷᠢᠯᠴᠠᠨ ᠨᠡᠪᠲᠡᠷᠡᠯᠴᠡᠨ ᠬᠠᠷᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠨᠡᠮᠡᠭᠳᠡᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ ᠤᠨ ᠲᠠᠩᠰᠠ᠂ ᠡᠭᠦᠷᠭᠡ ᠶᠢᠨ ᠲᠠᠩᠰᠠ ᠶᠢ ᠰᠠᠶᠢᠲᠤᠷ ᠪᠤᠳᠤᠵᠤ᠂ ᠰᠠᠶᠢᠨ ᠠᠷᠭ᠎ᠠ ᠬᠡᠮᠵᠢᠶ᠎ᠡ ᠠᠪᠴᠤ᠂ ᠬᠡᠷᠡᠭᠯᠡᠭᠡ ᠶᠢ ᠥᠷᠭᠡᠳᠬᠡᠬᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠠᠵᠤ ᠠᠬᠤᠶᠢᠯᠠᠯ ᠤᠨ ᠪᠤᠶᠢᠵᠢᠭᠤᠯᠤᠯᠲᠠ ᠵᠡᠷᠭᠡ ᠡᠯ᠎ᠡ ᠲᠠᠯ᠎ᠠ ᠪᠠᠷ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠬᠤᠶᠠᠳᠤᠭᠠᠷ ᠤᠯᠠᠷᠢᠯ ᠤᠨ ᠡᠴᠦᠰ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠢᠯᠡᠳᠲᠡ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠳᠣᠤᠷ᠎ᠠ ᠬᠠᠭᠠᠰ ᠵᠢᠯ ᠪᠣᠯ ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠪᠦᠷᠢᠳᠬᠡᠵᠦ ᠣᠶᠢᠯᠠᠭᠠᠬᠤ ᠡᠷᠴᠢᠮ ᠢ ᠴᠢᠩᠭᠠᠷᠠᠭᠤᠯᠵᠤ᠂ ᠨᠠᠩ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠦᠨᠡᠨ ᠬᠦ ᠪᠤᠶᠢᠵᠢᠭᠤᠯᠤᠨ ᠠᠵᠤ ᠠᠬᠤᠶᠢᠯᠠᠯ ᠤᠨ ᠬᠢᠵᠠᠭᠠᠷᠯᠠᠬᠤ ᠪᠠᠷᠢᠮᠵᠢᠶ᠎ᠠ ᠳᠤ ᠲᠦᠷᠭᠡᠨ ᠬᠦᠷᠭᠡᠵᠦ᠂ ᠣᠷᠣᠭᠤᠯᠬᠤ ᠶᠣᠰᠣᠲᠠᠶ ᠶᠢ ᠨᠢ ᠴᠥᠮ ᠣᠷᠣᠭᠤᠯᠵᠤ᠂ ᠨᠢᠭᠡᠳᠬᠡᠪᠡᠰᠦ ᠵᠣᠬᠢᠬᠤ ᠶᠢ ᠨᠢ ᠴᠥᠮ ᠨᠢᠭᠡᠳᠬᠡᠵᠦ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠦᠷᠭᠦᠯᠵᠢᠯᠡᠨ ᠳᠡᠭᠡᠭᠰᠢᠯᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠬᠡᠷᠡᠭᠯᠡᠭᠡᠨ ᠤ ᠳᠠᠯᠳᠠ ᠬᠦᠴᠦᠨ ᠢ ᠪᠥᠬᠦ ᠬᠦᠴᠦᠨ ᠢᠶᠠᠷ ᠢᠶᠠᠨ ᠠᠭᠤᠳᠠᠯᠵᠤ᠂ ᠬᠡᠷᠡᠭᠯᠡᠭᠡ ᠳᠦ ᠰᠡᠲᠡᠯᠲᠡ ᠦᠭᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠦᠷᠭᠦᠯᠵᠢᠯᠡᠨ ᠥᠷᠭᠡᠳᠬᠡᠵᠦ᠂ ᠬᠠᠤᠯᠢ ᠲᠣᠭᠲᠠᠭᠠᠯ ᠶᠣᠰᠣᠭᠠᠷ ᠤᠷᠮᠠᠰᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠪᠣᠷᠣᠯᠠᠭᠤᠯᠭ᠎ᠠ ᠶᠢ ᠠᠬᠢᠭᠤᠯᠬᠤ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠶᠢ ᠴᠠᠭ ᠲᠤᠨᠢ ᠳᠣᠭᠢᠷᠠᠭᠤᠯᠤᠨ ᠡᠷᠭᠢᠯᠡᠵᠦ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠨ᠂ ᠰᠠᠭᠤᠭᠠᠯᠢ ᠠᠷᠠᠳ ᠤᠨ ᠬᠡᠷᠡᠭᠯᠡᠭᠡ ᠶᠢ ᠳᠠᠶᠢᠴᠢᠯᠠᠨ ᠂ ᠪᠥᠬᠦ ᠵᠢᠯ ᠤᠨ ᠭᠦᠢᠴᠡᠳᠬᠡᠯ ᠲᠤᠭ᠎ᠠ ᠶᠢᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号