ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/1
     6 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠲᠠᠰ ᠤᠨ ᠤᠳᠤᠷᠢᠳᠤᠯᠭ᠎ᠠ ᠹᠠᠩ ᠷᠦᠢ᠂ ᠮᠠ ᠵᠢᠩ ᠬᠤᠸᠠ᠂ ᠵᠠᠩ ᠬᠤᠸᠠ᠂ ᠲᠤᠤ ᠮᠤᠩ ᠬᠤᠩ᠂ ᠰᠢᠤᠢ ᠵᠢᠶᠠᠨ ᠬᠤᠶ᠂ ᠵᠤᠤ ᠬᠤᠩ ᠲᠦ᠋ ᠂ ᠮᠠ ᠶᠦᠩ ᠭᠠᠩ᠂ ᠢ ᠰᠢᠤ ᠴᠢᠤᠸᠠᠨ ᠵᠡᠷᠭᠡ ᠬᠡᠷ ᠲᠡᠭᠡᠨ ᠪᠠᠶᠢᠭ᠎ᠠ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠣᠣ ᠶᠠᠨ ᠬᠤᠩ ᠬᠤᠷᠠᠯ ᠢ ᠡᠷᠭᠢᠯᠡᠪᠡ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ 2022 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠵᠢᠴᠢ ᠬᠤᠰᠢᠭᠤᠨ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃     ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠶᠠᠷᠢᠶᠠᠨ ᠳᠠᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠭᠠᠷᠳᠠᠴᠠ ᠪᠠ ᠲᠡᠷᠢᠭᠦᠨ ᠢᠨᠵᠧᠨᠧᠷᠢᠩ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ︽ᠤᠷᠤᠭᠰᠢᠯᠠᠬᠤ ᠥᠬᠡᠶ ᠪᠣᠯ ᠤᠬᠤᠷᠢᠬᠤ᠂ ᠠᠯᠭᠤᠷ ᠤᠷᠤᠭᠰᠢᠯᠠᠪᠠᠯ ᠪᠠᠰᠠ ᠤᠬᠤᠷᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠥᠨᠳᠥᠷ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠲᠤᠯᠭᠠᠷᠠᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠢ ᠲᠦᠷᠭᠡᠨ ᠨᠥᠬᠦᠪᠥᠷᠢᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠪᠠᠶᠢᠪᠠᠰᠤ ᠵᠣᠬᠢᠬᠤ ᠪᠠᠶᠢᠳᠠᠯ ᠢ ᠢᠮᠠᠭᠲᠠ ᠪᠠᠲᠤᠯᠠᠬᠤ ᠬᠡᠷᠡᠭᠲᠡᠢ᠃     ᠹᠠᠩ ᠷᠦᠢ ᠴᠢᠬᠤᠯᠠᠴᠢᠯᠠᠬᠤ ᠳᠠᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠠᠷᠭ᠎ᠠ ᠶᠢ ᠡᠷᠬᠢᠮᠯᠡᠵᠦ᠂ ᠤᠳᠤᠷᠢᠳᠬᠤ ᠺᠠᠳ᠋ᠷ ᠲᠦᠷᠦᠭᠦᠯᠡᠨ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠰᠠᠭᠤᠭ᠎ᠠ ᠭᠠᠵᠠᠷ ᠠᠴᠠ ᠠᠷᠠᠯᠵᠢᠶᠠᠴᠢᠨ ᠤᠷᠢᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠬᠦᠴᠦᠯᠡᠨ ᠠᠬᠢᠭᠤᠯᠵᠤ᠂ ᠬᠦᠷᠢᠶᠡᠯᠡᠩ ᠲᠣᠭᠤᠷᠢᠭ ᠠᠴᠠ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠠᠯ᠎ᠠ ᠪᠠᠷ ᠬᠦᠴᠦᠯᠡᠵᠦ ᠪᠠᠶᠢᠭᠠᠳ ︽ᠶᠠᠭᠠᠬᠢᠵᠤ ᠡᠯᠰᠡᠬᠦ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠠᠶᠢᠵᠠᠮ ᠢ ᠲᠦᠷᠭᠡᠳᠬᠡᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠥᠨᠳᠥᠷ ᠪᠦᠲᠦᠮᠵᠢᠲᠡᠢ ᠪᠠᠷ ᠬᠦᠴᠦᠯᠡᠵᠦ ︽ᠬᠡᠷᠬᠢᠨ ᠪᠠᠭᠤᠷᠠᠭᠤᠯᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃     ᠹᠠᠩ ᠷᠦᠢ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠪᠦᠲᠦᠮᠵᠢᠲᠡᠶ ᠣᠷᠴᠢᠨ ᠨᠥᠬᠦᠴᠡᠯ ᠢ ᠪᠤᠢ ᠪᠣᠯᠭᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠠᠤᠯᠢ ᠪᠠᠷ ᠵᠠᠰᠠᠬᠤ ᠲᠥᠪ ᠭᠤᠣᠯᠴᠢ ᠣᠷᠴᠢᠨ ᠨᠥᠬᠦᠴᠡᠯ ᠢ ᠪᠤᠢ ᠪᠣᠯᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠦᠷᠭᠡᠨ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠦᠨ᠂ ᠠᠵᠤ ᠠᠬᠤᠶ ᠶᠢᠨ ᠵᠢᠭᠤᠷᠠᠯᠳᠤᠭᠠᠨ ᠪᠠ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢ ᠴᠢᠩᠭ᠎ᠠ ᠢᠯᠭᠠᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠ ᠬᠠᠤᠯᠢ ᠶᠣᠰᠣᠨ ᠤ ᠡᠳ᠋ ᠬᠦᠷᠦᠩᠭᠡ ᠶᠢ ᠴᠢᠩᠭ᠎ᠠ ᠢᠯᠭᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠴᠢᠮ ᠪᠠ ᠳᠤᠯᠠᠭᠠᠨ ᠤ ᠬᠡᠮᠵᠢᠶ᠎ᠡ ᠶᠢ ᠣᠨᠣᠪᠴᠢᠲᠠᠶ ᠡᠵᠡᠮᠳᠡᠵᠦ᠂ ᠨᠡᠶᠢᠭᠡᠮ ᠤᠨ ᠪᠠᠶᠢᠳᠠᠯ ᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠶ᠃ ᠦᠨᠡᠨᠴᠢ ᠢᠲᠡᠭᠡᠮᠵᠢᠲᠡᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲᠧᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃     ᠹᠠᠩ ᠷᠦᠢ ᠱᠠᠭᠠᠷᠳᠠᠭᠰᠠᠨ ᠨᠢ᠂ ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠬᠤ ᠰᠢᠯᠢᠳᠡᠭ ᠣᠷᠴᠢᠨ ᠲᠣᠭᠤᠷᠢᠨ ᠢ ᠶᠡᠬᠡᠪᠡᠷ ᠠᠳᠬᠤᠬᠤ ᠬᠠᠯᠠᠭᠤᠨ ᠥᠷᠨᠢᠯᠲᠡ ᠶᠢ ᠦᠨᠡᠨᠬᠦ ᠪᠣᠶ ᠪᠣᠯᠭᠠᠬᠤ ᠬᠡᠷᠡᠭᠲᠡᠶ᠃ ᠪᠦᠬᠦ ᠬᠤᠰᠢᠭᠤ ᠪᠠᠷ ᠢᠶᠠᠨ ᠡᠷᠬᠡᠪᠰᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠷᠤᠭᠤ ᠪᠠᠨ ᠠᠳᠬᠤᠨ ᠨᠢᠳᠤᠷᠭ᠎ᠠ ᠵᠠᠩᠭᠢᠳᠴᠤ᠂ ᠪᠥᠬᠦ ᠬᠦᠴᠦᠨ ᠢᠶᠠᠷ ᠢᠶᠠᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠳᠤ ᠣᠷᠣᠯᠴᠠᠵᠤ᠂ ᠡᠴᠦᠰ ᠲᠤᠨᠢ ᠲᠤᠯᠲᠠᠯ᠎ᠠ ᠠᠳᠬᠤᠬᠤ ᠬᠠᠲᠠᠨ ᠵᠣᠷᠢᠭ ᠢᠶᠠᠨ ᠪᠠᠷᠢᠮᠲᠠᠯᠠᠵᠤ᠂ ᠳᠡᠭᠡᠳᠦ ᠳᠣᠤᠷᠠᠳᠤ ᠱᠠᠲᠤᠨ ᠤ ᠰᠡᠳᠬᠢᠯ ᠨᠢᠭᠡᠳᠦᠭᠰᠡᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠥᠮᠦᠨ ᠪᠦᠬᠦᠨ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠵᠤ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠰᠠᠨᠠᠭ᠎ᠠ᠂ ᠨᠠᠩ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠪᠠᠷ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠲᠡᠮᠡᠴᠡᠨ ᠣᠯᠵᠤ ᠂ ᠬᠠᠷᠠᠴᠢᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠠᠢ᠃     ᠵᠤᠤ ᠶᠠᠨ ᠬᠤᠩ ᠴᠢᠬᠤᠯᠠᠴᠢᠯᠠᠭᠰᠠᠨ ᠨᠢ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠲᠣᠭᠲᠠᠭᠰᠠᠨ ᠬᠠᠷᠠᠯᠲᠠ ᠲᠠᠢ ᠬᠠᠷᠢᠴᠠᠭᠤᠯᠵᠤ᠂ ᠠᠯᠢᠪᠠ ᠡᠭᠦᠷᠭᠡ ᠶᠢ ᠠᠩᠬᠠᠷᠴᠤ᠂ ᠨᠢᠭᠡ ᠨᠢᠭᠡ ᠪᠠᠷ ᠬᠢᠬᠦ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ ᠲᠦᠷᠭᠡᠨ ᠦᠷ᠎ᠡ ᠪᠦᠲᠦᠮᠵᠢ ᠤᠯᠬᠤ ᠬᠡᠷᠡᠭᠲᠡᠶ᠃ ᠰᠢᠨ᠎ᠡ ᠪᠠᠷ ᠰᠢᠯᠢᠳᠡᠭᠵᠢᠭᠦᠯᠦᠨ ᠲᠣᠬᠢᠷᠠᠭᠤᠯᠤᠭᠰᠠᠨ 9 ᠲᠤᠰᠬᠠᠶ ᠠᠵᠢᠯ ᠢ ᠳᠥᠯᠭᠢᠨ ᠠᠬᠢᠭᠤᠯᠬᠤ ᠳᠤᠭᠤᠶᠢᠯᠠᠩ ᠪᠠ 25 ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠶᠢᠨ ᠬᠢᠨ ᠡᠯ᠎ᠡ ᠬᠦᠷᠢᠶᠡᠨ ᠳᠠᠬᠢ ᠬᠤᠳᠠᠯᠳᠤᠭᠠᠴᠢᠨ ᠤᠷᠢᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠬᠤᠳᠠᠯᠳᠤᠭᠠᠴᠢᠨ ᠤᠷᠢᠬᠤ ᠠᠵᠢᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ᠃ ᠦᠨᠡᠨᠴᠢ ᠪᠠᠷ ᠦᠢᠯᠡᠴᠢᠯᠡᠵᠦ᠂ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠡᠷᠦᠬᠡ ᠠᠮᠠ ᠣᠷᠣᠬᠤ ᠳᠤ ᠨᠥᠬᠦᠴᠡᠯ ᠪᠦᠷᠢᠯᠳᠦᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠠᠵᠢᠯ ᠶᠠᠪᠤᠳᠠᠯ ᠪᠦᠲᠦᠭᠡᠬᠦ ᠳᠤ ᠲᠥᠬᠦᠮ ᠦᠵᠡᠭᠦᠯᠵᠦ᠂ ᠵᠠᠰᠠᠭ ᠠᠵᠤ ᠠᠬᠤᠶᠢᠯᠠᠯ ᠤᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠰᠠᠶᠢᠨ ᠰᠠᠶᠢᠬᠠᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃     ᠬᠤᠷᠠᠯ ᠠᠴᠠ ᠪᠠᠰᠠ 2022 ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ 2023 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠳᠤ ᠲᠠᠶᠢᠯᠤᠮᠵᠢ ᠬᠢᠵᠦ᠂ ︽2023 ᠣᠨ ᠤ ᠭᠤᠤᠯᠳᠠᠯᠭ᠎ᠠ ᠲᠠᠢ ᠠᠵᠢᠯ ᠤᠨ ᠲᠤᠰᠬᠠᠶ ᠠᠬᠢᠭᠤᠯᠬᠤ ᠳᠤᠭᠤᠶᠢᠯᠠᠩ ᠤᠨ ᠨᠡᠷᠡᠰ︾ ᠢ ᠤᠩᠰᠢᠨ ᠨᠡᠶᠢᠲᠡᠯᠡᠵᠦ᠂ 2022 ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠭᠰᠠᠨ ᠪᠥᠭᠡᠳ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号