ᠬᠤᠰᠢᠭᠤᠨ ᠳᠠᠷᠤᠭ᠎ᠠ ᠵᠣᠣ ᠶᠠᠨ ᠬᠤᠩ ᠬᠠᠷᠠᠴᠢᠨ ᠬᠤᠰᠢᠭᠤᠨ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/11
     7 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠳᠠᠷᠤᠭ᠎ᠠ ᠵᠣᠣ ᠶᠠᠨ ᠬᠤᠩ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠭᠦᠸᠧ ᠢᠦᠶ ᠫᠢᠩ ᠨᠡᠷ ᠲᠠᠢ ᠠᠭᠤᠯᠵᠠᠭᠰᠠᠨ ᠪᠥᠭᠡᠳ ᠬᠠᠷᠠᠴᠢᠨ ᠬᠤᠰᠢᠭᠤᠨ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠪᠠᠢᠩᠭᠤ ᠶᠢᠨ ᠳᠡᠳ᠋ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠵᠤᠸᠠᠩ ᠸᠧᠨ ᠳ᠋ᠢ ᠵᠢᠴᠢ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃     ᠵᠥᠪᠳᠡᠨ ᠶᠠᠷᠢᠯᠴᠠᠬᠤ ᠬᠤᠷᠠᠯ ᠳᠡᠭᠡᠷ᠎ᠡ᠂ ᠵᠤᠤ ᠶᠠᠨ ᠬᠤᠩ ᠢᠯᠡᠳᠬᠡᠭᠰᠡᠨ ᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠪᠣᠯ ᠪᠦᠬᠦ ᠤᠯᠤᠰ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶᠡᠨ ᠳᠠᠬᠢ ᠴᠢᠬᠤᠯᠠ ᠶᠡᠷᠦᠩᠬᠡᠶᠢᠯᠡᠭᠰᠡᠨ ᠴᠢᠨᠠᠷᠲᠠᠢ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠪᠣᠯᠤᠨ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠲᠠᠷᠢᠶᠠᠯᠠᠩ ᠤᠨ ᠭᠠᠷᠠᠮ ᠤᠨ ᠬᠤᠳᠠ ᠶᠢᠨ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠯᠠᠭᠠᠨᠬᠠᠳᠠ ᠳᠤ ᠨᠡᠩ ᠰᠢᠯᠢᠳᠡᠭ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠳᠠᠭᠠᠭᠠᠴᠠ ᠶᠢᠨ ᠬᠤᠳᠠ ᠶᠢ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠮᠠᠨ ᠤ ᠬᠤᠰᠢᠭᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠢᠮᠠᠭᠲᠠ ᠦᠢᠯᠡᠳᠦᠯᠵᠢᠭᠦᠯᠵᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠨ᠂ ᠢᠳᠡᠪᠬᠢᠲᠡᠶ ᠪᠠᠷ ᠵᠣᠯᠭᠠᠯᠴᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠲᠥᠷᠥᠯ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠲᠥᠷᠥᠯ ᠵᠦᠢᠯ ᠢ ᠳᠥᠯᠭᠢᠨ ᠠᠬᠢᠭᠤᠯᠬᠤ ᠳᠤᠮᠳᠠᠬᠢ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠷᠠᠴᠢᠨ ᠬᠤᠰᠢᠭᠤᠨ ᠳᠠᠬᠢ ᠬᠥᠭᠵᠢᠯᠲᠡ ᠳᠤ ᠲᠥᠬᠦᠮ ᠨᠥᠬᠦᠴᠡᠯ ᠡᠭᠦᠳᠦᠨ ᠥᠭᠴᠦ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠠᠢ᠃     ᠭᠦᠸᠧ ᠢᠦᠶ ᠫᠢᠩ ᠮᠠᠨ ᠤ ᠬᠤᠰᠢᠭᠤᠨ ᠤ ᠬᠠᠯᠠᠮᠵᠢᠯᠠᠯ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠮᠲᠤᠷᠠᠯᠴᠠᠭᠠᠨ ᠤ ᠲᠥᠷᠥᠯ ᠵᠦᠢᠯ ᠤᠨ ᠬᠠᠮᠢᠶ᠎ᠠ ᠪᠥᠬᠦᠶ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠮᠠᠨ ᠤ ᠬᠤᠰᠢᠭᠤᠨ ᠤ ᠣᠷᠣᠨ ᠪᠠᠶᠢᠷᠢ ᠶᠢᠨ ᠨᠥᠬᠦᠴᠡᠯ ᠳᠠᠪᠠᠭᠤᠯᠢᠭ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ᠃ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠶᠢᠨ ᠬᠢᠨ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠲᠤᠰ ᠪᠡᠶ᠎ᠡ ᠶᠢᠨ ᠲᠦᠷᠦᠯ ᠲᠡᠮᠳᠡᠭ᠂ ᠪᠠᠶᠢᠷᠢᠰᠢᠯ᠂ ᠠᠷᠭ᠎ᠠ ᠵᠠᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠬᠦᠴᠦᠯᠡᠨ ᠨᠡᠶᠢᠳᠬᠡᠵᠦ᠂ ᠬᠠᠷᠠᠴᠢᠨ ᠬᠤᠰᠢᠭᠤ ᠴᠢᠨᠠᠭᠰᠢᠯᠠᠪᠠᠯ ᠤᠯᠠᠭᠠᠨᠬᠠᠳᠠ ᠬᠤᠳᠠ ᠶᠢᠨ ᠣᠳᠣᠬᠢᠴᠢᠯᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠰᠢᠨ᠎ᠡ ᠬᠦᠴᠦᠨ ᠴᠢᠳᠠᠯ ᠢᠶᠠᠨ ᠡᠷᠭᠦᠨ᠎ᠡ ᠭᠡᠵᠠᠢ᠃     ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠠᠰᠠ ᠲᠦᠷᠦᠯ ᠵᠦᠢᠯ ᠤᠨ ᠭᠠᠵᠠᠷ ᠬᠡᠷᠡᠭᠯᠡᠬᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠠᠷ ᠭᠦᠨᠵᠡᠭᠡᠢ ᠵᠥᠪᠳᠡᠨ ᠶᠠᠷᠢᠯᠴᠠᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号