ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/7/11
     6 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠶ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠭᠤᠶᠢᠪᠢᠰᠢ ᠦᠭᠡᠶ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠪᠠᠷᠢᠮᠵᠢᠶᠠᠯᠠᠨ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠣᠳᠣᠬᠠᠨ ᠤ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ ᠴᠤᠭ ᠰᠦᠯᠳᠡ ᠪᠣᠯᠤᠨ ᠰᠢᠷᠭᠠᠭᠤ ᠬᠠᠲᠠᠭᠤᠵᠢᠯᠲᠠᠢ ᠠᠵᠢᠯᠯᠠᠬᠤ ᠤᠬᠠᠮᠰᠠᠷ ᠪᠣᠯᠭᠠᠨ ᠬᠤᠪᠢᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠬᠦᠴᠦᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠠᠢ᠃      ︽ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯᠲᠠᠨ ᠪᠤᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠶᠠᠪᠤᠳᠠᠯ ᠪᠤᠯᠭᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ ᠪᠠ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠭᠤᠣᠯᠳᠠᠯᠭ᠎ᠠ ᠶᠢᠨ ᠲᠣᠭᠤᠷᠢᠨ ᠳᠤ ᠠᠵᠢᠯᠯᠠᠵᠤ᠂ ᠭᠤᠣᠯᠳᠠᠯᠭ᠎ᠠ ᠶᠢ ᠳᠣᠪᠤᠶᠢᠯᠭᠠᠨ ᠠᠵᠢᠯᠯᠠᠵᠤ᠂ ᠬᠦᠴᠦᠨ ᠴᠢᠳᠠᠯ ᠢ ᠠᠰᠢᠭᠯᠠᠨ ᠠᠵᠢᠯᠯᠠᠵᠤ᠂ ᠰᠢᠨ᠎ᠡ ᠶᠢ ᠡᠭᠦᠳᠦᠨ ᠬᠠᠶᠢᠨ ᠰᠦᠪᠡᠭᠴᠢᠯᠡᠵᠦ᠂ ᠴᠤᠭ ᠰᠦᠯᠳᠡ ᠪᠠᠨ ᠪᠠᠳᠠᠷᠠᠭᠤᠯᠤᠨ ᠠᠵᠢᠯᠯᠠᠵᠤ᠂ ᠬᠠᠶᠢᠷ᠎ᠠ ᠰᠡᠳᠬᠢᠯᠭᠡ ᠪᠠᠷ ᠳᠦᠭᠦᠷᠡᠩ ᠠᠵᠢᠯᠯᠠᠵᠤ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠱᠠᠲᠤᠨ ᠤ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠠᠷᠠᠳ ᠤᠨ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠠᠷᠠᠳ ᠤᠨ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ︾ ᠭᠡᠵᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠢᠶᠠᠩ ᠶᠠᠨ ᠮᠢᠨ ᠬᠡᠯᠡᠪᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号