ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠠᠵᠢᠯ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/7/12
     ᠣᠶᠢᠷ᠎ᠠ ᠳᠤ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ ᠪᠠᠶᠢᠴᠠᠭᠠᠭᠰᠠᠨ ᠸᠢᠳᠢᠣ᠋ ᠪᠠ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠲᠠᠯ᠎ᠠ ᠶᠢᠨ ᠺᠠᠳ᠋ᠷ ᠠᠵᠢᠯᠲᠠᠨ ᠤᠬᠠᠮᠰᠠᠷ ᠠᠴᠠ ᠪᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ ᠵᠢᠯᠤᠭᠤᠳᠤᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠬᠤ ᠬᠡᠷᠡᠭᠲᠡᠢ᠃     ᠬᠤᠷᠠᠯ ᠠᠴᠠ ᠱᠠᠭᠠᠷᠳᠠᠭᠰᠠᠨ ᠨᠢ᠂ ᠲᠠᠷᠠᠭᠠᠴᠢ ᠶᠢᠨ ᠠᠯᠬᠤᠮ ᠳᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠦᠷᠭᠦᠯᠵᠢᠯᠡᠨ ᠰᠢᠮᠳᠠᠨ ᠰᠤᠷᠤᠯᠴᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号