ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠢᠤᠢ ᠲᠢᠶᠠᠨ ᠫᠢᠩ ᠬᠠᠷᠠᠴᠢᠨ ᠬᠤᠰᠢᠭᠤᠨ ᠳᠤ ᠢᠷᠡᠵᠦ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠪᠠ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠲᠠᠪᠦᠷᠢ ᠶᠢᠨ ᠪᠠᠷᠢᠮᠵᠢᠶᠠᠵᠢᠭᠤᠯᠤᠭᠰᠠᠨ ᠪᠠᠢᠭᠤᠯᠤᠯᠲᠠ ᠶᠢᠨ ᠪᠠᠢᠳᠠᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/14
     7 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠢᠤᠢ ᠲᠢᠶᠠᠨ ᠫᠢᠩ ᠬᠠᠷᠠᠴᠢᠨ ᠬᠤᠰᠢᠭᠤᠨ ᠳᠤ ᠢᠷᠡᠵᠦ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠪᠠ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠳᠡᠳ᠋ ᠬᠤᠰᠢᠭᠤᠨ ᠳᠠᠷᠤᠭ᠎ᠠ ᠵᠤᠸᠠᠩ ᠸᠧᠨ ᠳ᠋ᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠰᠢᠤᠢ ᠲᠢᠶᠠᠨ ᠫᠢᠩ ᠤᠷᠢᠳ ᠬᠤᠵᠢᠳ ᠬᠠᠷᠠᠴᠢᠨ ᠬᠤᠰᠢᠭᠤᠨ ᠤ ᠮᠸᠡᠩ ᠳ᠋ᠦᠩ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠮᠸᠡᠩ ᠶᠤᠸᠠᠨ ᠲᠠᠩ ᠡᠮ ᠤᠨ ᠦᠢᠯᠡᠰ ᠂ ᠨᠢᠦ ᠵᠢᠶᠠ ᠢᠩᠽᠢ ᠪᠠᠯᠭᠠᠰᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ GAP ᠲᠠᠷᠢᠮᠠᠯ ᠤᠨ ᠰᠠᠭᠤᠷᠢᠨ ᠭᠠᠵᠠᠷ ᠂ ᠮᠡᠢᠷᠡᠨ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠬᠦᠷᠴᠦ ᠮᠠᠨ ᠤ ᠬᠤᠰᠢᠭᠤᠨ ᠤ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠪᠠ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠰᠢᠤᠢ ᠲᠢᠶᠠᠨ ᠫᠢᠩ ᠬᠠᠷᠠᠴᠢᠨ ᠬᠤᠰᠢᠭᠤᠨ ᠤ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠪᠠ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ ᠲᠡᠷᠡ ᠴᠢᠩᠭᠠᠳᠬᠠᠭᠰᠠᠨ ᠨᠢ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠰᠠᠭᠤᠷᠢ ᠪᠣᠯᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠡᠮ ᠤᠨ ᠵᠦᠢᠯᠡᠰ ᠢ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠡᠮ ᠤᠨ ᠵᠦᠢᠯᠡᠰ ᠢ ᠬᠢᠨᠠᠨ ᠬᠠᠮᠢᠶᠠᠷᠬᠤ ᠰᠢᠰᠲ᠋ᠧᠮ ᠪᠣᠯᠤᠨ ᠬᠢᠨᠠᠨ ᠬᠠᠮᠢᠶᠠᠷᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠷᠠᠴᠢᠨ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ᠂ ᠴᠢᠳᠠᠪᠤᠷᠢᠲᠠᠨ ᠤ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠢᠨᠠᠷ ᠰᠠᠶᠢᠲᠠᠶ ᠬᠢᠨᠠᠯᠲᠠ ᠬᠠᠮᠢᠶᠠᠷᠤᠯᠲᠠ ᠶᠢᠨ ᠠᠵᠢᠯ ᠤᠨ ᠦᠢᠯᠡᠴᠢᠯᠡᠭᠡ ᠪᠠᠷ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号