ᠬᠠᠷᠠᠴᠢᠨ ᠬᠤᠰᠢᠭᠤ ᠯᠠᠨᠵᠧᠤ ᠳᠤ ᠬᠦᠷᠴᠦ 2023 ᠣᠨ ᠤ ᠬᠢᠲᠠᠳ ᠡᠮ ᠤᠨ ᠲᠠᠷᠢᠶᠠᠯᠠᠩ ᠤᠨ ᠲᠠᠷᠢᠮᠠᠯ ᠤᠨ ᠮᠡᠷᠭᠡᠵᠢᠯ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠬᠢᠭᠡᠳ ᠰᠠᠭᠤᠷᠢᠨ ᠭᠠᠵᠠᠷ ᠤᠨ ᠡᠵᠡᠩᠨᠡᠯᠲᠡ ᠶᠢᠨ ᠪᠣᠯᠪᠠᠰᠤᠷᠠᠯ ᠤᠨ ᠠᠩᠭᠢ ᠵᠢᠴᠢ ᠰᠢᠯᠢᠳᠡᠭ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/7/15
      7 ᠰᠠᠷ᠎ᠠ ᠶᠢᠨ 15 ᠤ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠢᠴᠢᠭᠲᠦ 2023 ᠣᠨ ᠤ ᠬᠢᠲᠠᠳ ᠡᠮ ᠤᠨ ᠲᠠᠷᠢᠶᠠᠯᠠᠩ ᠤᠨ ᠲᠠᠷᠢᠮᠠᠯ ᠤᠨ ᠮᠡᠷᠭᠡᠵᠢᠯ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠬᠢᠭᠡᠳ ᠰᠠᠭᠤᠷᠢᠨ ᠭᠠᠵᠠᠷ ᠤᠨ ᠡᠵᠡᠩᠨᠡᠯᠲᠡ ᠶᠢᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠴᠢᠨᠠᠷ ᠰᠠᠶᠢᠲᠠᠶ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠵᠥᠪᠳᠡᠯᠴᠡᠭᠡᠨ ᠤ ᠬᠤᠷᠠᠯ ᠳᠤ ᠤᠷᠢᠭᠳᠠᠨ ᠣᠷᠣᠯᠴᠠᠪᠠ᠃     15 ᠤ ᠡᠳᠦᠷ ᠤᠨ ᠦᠳᠡ ᠶᠢᠨ ᠡᠮᠦᠨᠡᠬᠢ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠪᠢᠴᠢᠭᠲᠦ ᠪᠦᠬᠦ ᠬᠤᠰᠢᠭᠤᠨ ᠤ ᠦᠨᠳᠦᠰᠦᠨ ᠪᠠᠶᠢᠳᠠᠯ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠵᠢᠴᠢ ᠣᠨᠴᠠᠯᠢᠭ ᠢ ᠨᠠᠷᠢᠨ ᠨᠢᠭᠲᠠ ᠲᠠᠨᠢᠯᠴᠠᠭᠤᠯᠵᠤ᠂ ᠡᠭᠦᠨ ᠤ ᠬᠠᠮᠲᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ ᠬᠤᠳᠠᠯᠳᠤᠭᠠᠴᠢᠨ ᠤᠷᠢᠬᠤ ᠤᠬᠠᠭᠤᠯᠭ᠎ᠠ ᠶᠢ ᠥᠷᠨᠢᠭᠦᠯᠦᠭᠰᠡᠨ ᠤ ᠬᠠᠮᠲᠤ᠂ ᠤᠳᠠᠯ ᠥᠬᠡᠶ ᠬᠠᠷᠠᠴᠢᠨ ᠬᠤᠰᠢᠭᠤᠨ ᠳᠤ ᠬᠤᠷᠠᠯᠳᠤᠬᠤ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ ︶ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠡᠷᠳᠡᠮᠲᠡᠨ ᠪᠠ ᠠᠵᠤ ᠠᠬᠤᠶᠢᠯᠠᠯᠲᠠᠨ ᠨᠠᠷ ᠲᠤ ᠴᠢᠩ ᠰᠡᠳᠬᠢᠯ ᠤᠨ ᠤᠷᠢᠯᠭ᠎ᠠ ᠭᠠᠷᠭᠠᠪᠠ᠃     ︽ᠡᠨᠡ ᠤᠳᠠᠭ᠎ᠠ ᠯᠠᠨᠵᠧᠤ ᠳᠤ ᠢᠷᠡᠵᠦ ᠡᠨᠡ ᠬᠤᠷᠠᠯ ᠳᠤ ᠣᠷᠣᠯᠴᠠᠭᠰᠠᠨ ᠨᠢ ᠭᠤᠤᠯᠳᠠᠭᠤ ᠭᠤᠷᠪᠠᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠶ᠂ ᠨᠢᠭᠡᠳᠦᠭᠡᠷ ᠲᠤ᠂ ᠬᠠᠷᠠᠴᠢᠨ ᠬᠤᠰᠢᠭᠤᠨ ᠳᠤ ᠨᠢᠭᠡᠨᠲᠡ 10 ᠲᠦᠮᠡᠨ ᠮᠥ ᠡᠮ ᠤᠨ ᠮᠠᠲ᠋ᠧᠷᠢᠶᠠᠯ ᠳᠠᠷᠢᠬᠤ ᠬᠡᠪᠴᠢᠶ᠎ᠡ ᠲᠠᠢ ᠪᠣᠯᠵᠠᠶ᠂ ᠪᠢᠳᠡᠨ ᠤ ᠨᠢᠳᠤᠨᠤᠨ ᠠᠴᠠ ᠡᠬᠢᠯᠡᠨ ᠬᠥᠭᠵᠢᠭᠦᠯᠦᠭᠰᠡᠨ ᠣᠶ ᠶᠢᠨ ᠬᠤᠷᠮᠣᠶ ᠶᠢᠨ ᠡᠮ ᠤᠨ ᠮᠠᠲ᠋ᠧᠷᠢᠶᠠᠯ ᠡᠨᠡ ᠵᠢᠯ ᠨᠢᠭᠡᠨᠲᠡ 2 ᠲᠦᠮᠡᠨ ᠮᠥ ᠳᠤ ᠬᠦᠷᠴᠡᠶ᠃ ᠪᠢᠳᠡ ᠭᠤᠷᠪᠠ ᠠᠴᠠ ᠲᠠᠪᠤᠨ ᠵᠢᠯ ᠤᠨ ᠬᠤᠭᠤᠴᠠᠭ᠎ᠠ ᠶᠢ ᠠᠰᠢᠭᠯᠠᠨ ᠣᠶ ᠶᠢᠨ ᠬᠤᠷᠮᠣᠶ ᠶᠢᠨ ᠡᠮ ᠤᠨ ᠮᠠᠲ᠋ᠧᠷᠢᠶᠠᠯ ᠢ 10 ᠲᠦᠮᠡᠨ ᠮᠥ ᠬᠥᠭᠵᠢᠭᠦᠯᠬᠦ ᠪᠠᠷ ᠲᠥᠯᠥᠪᠯᠡᠵᠦ ᠪᠣᠶ᠂ ᠲᠡᠷᠡ ᠦᠶ᠎ᠡ ᠪᠣᠯᠬᠤ ᠳᠤ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ 20 ᠲᠦᠮᠡᠨ ᠮᠥ ᠳᠤ ᠬᠦᠷᠭᠡᠵᠦ᠂ ᠪᠥᠬᠦ ᠤᠯᠤᠰ ᠤᠨ ᠨᠠᠩ ᠣᠯᠠᠨ ᠠᠵᠤ ᠠᠬᠤᠶᠢᠯᠠᠯ ᠪᠠ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠪᠥᠬᠦ ᠡᠮ ᠤᠨ ᠮᠠᠲ᠋ᠧᠷᠢᠶᠠᠯ ᠤᠨ ᠪᠦᠲᠦᠭᠡᠭᠳᠡᠬᠦᠨ ᠢ ᠪᠣᠷᠣᠯᠠᠭᠤᠯᠤᠨ᠎ᠠ︔ ᠬᠤᠶᠠᠳᠤᠭᠠᠷ ᠲᠤ᠂ ᠪᠢᠳᠡ ᠨᠢᠳᠤᠨᠤᠨ 1000 ᠮᠦ᠂ 16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠲᠥᠯᠥᠪᠵᠢᠭᠦᠯᠪᠡ᠂ ᠨᠢᠭᠡᠳᠦᠭᠡᠷ ᠬᠤᠭᠤᠴᠠᠭᠠᠨ ᠤ 188 ᠮᠦ᠂ ᠶᠡᠷᠦᠩᠬᠡᠢ ᠪᠡᠯᠡ ᠣᠷᠣᠭᠤᠯᠤᠯᠲᠠ ᠨᠢ 5.06 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ 6 ᠰᠠᠷ᠎ᠠ ᠳᠤ ᠨᠢᠭᠡᠨᠲᠡ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠡᠨᠡ ᠵᠢᠯ ᠤᠨ 10 ᠰᠠᠷ᠎ᠠ ᠪᠣᠯᠬᠤ ᠳᠤ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠪᠢᠳᠡ ᠵᠠᠷᠢᠮ ᠠᠵᠤ ᠠᠬᠤᠶᠢᠯᠠᠯ ᠲᠠᠢ ᠵᠣᠯᠭᠠᠯᠳᠤᠭᠤᠯᠵᠤ᠂ ᠨᠡᠩ ᠤᠯᠠᠨ ᠬᠥᠮᠦᠰ ᠢ ᠮᠠᠨ ᠤ ᠲᠡᠨᠳᠡ ᠣᠴᠢᠭᠤᠯᠵᠤ ᠪᠡᠯᠡ ᠣᠷᠣᠭᠤᠯᠤᠭᠤᠯᠵᠤ᠂ ᠪᠢᠳᠡᠨ ᠲᠠᠢ ᠬᠠᠮᠲᠤ ᠪᠠᠷ ᠬᠥᠭᠵᠢᠯᠲᠡ ᠶᠢ ᠰᠤᠳᠤᠯᠬᠣ ᠴᠢᠬᠤᠯᠠᠲᠠᠶ︔ ᠭᠤᠷᠪᠠᠳᠤᠭᠠᠷ ᠲᠤ᠂ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠡᠨᠡ ᠵᠢᠯ ᠤᠨ 8 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ ᠶᠠᠪᠤᠭᠳᠠᠨ᠎ᠠ᠂ ᠬᠤᠷᠠᠯ ᠠᠴᠠ ᠡᠮᠦᠨ᠎ᠡ ᠪᠢᠳᠡ ᠵᠠᠷᠢᠮ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠤᠷᠢᠵᠤ ᠮᠠᠨ ᠤ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠭᠤᠯᠤᠨ᠎ᠠ︾ ᠭᠡᠵᠦ ᠪᠢᠴᠢᠭᠲᠦ ᠰᠤᠷᠪᠤᠯᠵᠢᠯᠠᠭᠴᠢ ᠳᠤ ᠬᠡᠯᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号