ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮ ᠲᠡᠷᠭᠡ ᠶᠢᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠲᠣᠭᠤᠷᠢᠨ ᠤᠬᠠᠭᠤᠯᠬᠤ ᠠᠵᠢᠯᠯᠠᠭ᠎ᠠ ᠵᠢᠴᠢ ᠵᠣᠨ ᠤ ᠠᠮᠠᠷᠠᠯᠲᠠ ᠶᠢᠨ ᠬᠤᠭᠤᠴᠠᠭᠠᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/16
     7 ᠰᠠᠷ᠎ᠠ ᠶᠢᠨ 17 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮ ᠲᠡᠷᠭᠡ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠲᠣᠭᠤᠷᠢᠨ ᠤᠬᠠᠭᠤᠯᠬᠤ ᠠᠵᠢᠯᠯᠠᠭ᠎ᠠ ᠵᠢᠴᠢ ᠵᠣᠨ ᠤ ᠠᠮᠠᠷᠠᠯᠲᠠ ᠶᠢᠨ ᠬᠤᠭᠤᠴᠠᠭᠠᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠳ᠋ᠦᠩ ᠯᠸᠢ᠂ ᠱᠢ ᡁᠢ ᠯᠢᠶᠠᠩ᠂ ᠶᠠᠩ ᠸᠧᠨ ᠳ᠋ᠦᠩ᠂ ᠰᠢᠶᠧ ᠶᠦᠨ ᠰᠥᠩ ᠬᠤᠷᠠᠯ ᠳᠤ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠴᠢᠩᠭᠠᠳᠬᠠᠭᠰᠠᠨ ᠨᠢ᠂ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮ ᠲᠡᠷᠭᠡ ᠶᠢᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠲᠣᠭᠤᠷᠢᠨ ᠤᠬᠠᠭᠤᠯᠬᠤ ᠠᠵᠢᠯᠯᠠᠭ᠎ᠠ ᠶᠢᠨ ᠬᠡᠪ ᠪᠠᠷᠢᠮᠵᠢᠶ᠎ᠠ ᠥᠨᠳᠥᠷ᠂ ᠨᠥᠯᠥᠭᠡ ᠶᠡᠭᠡ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠡᠭᠦᠷᠭᠡ ᠬᠦᠨᠳᠦ᠂ ᠳᠠᠷᠤᠯᠲᠠ ᠶᠡᠭᠡ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠬᠤᠳᠠ ᠶᠢᠨ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠳᠤ ᠠᠪᠴᠤ ᠬᠡᠯᠡᠪᠡᠯ ᠨᠢᠭᠡ ᠤᠳᠠᠭᠠᠨ ᠤ ᠴᠢᠬᠤᠯᠠ ᠶᠡᠭᠡ ᠰᠢᠯᠭᠠᠯᠲᠠ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ᠂ ᠡᠮ ᠡᠮᠨᠡᠯᠭᠡ ᠶᠢᠨ ᠪᠠᠲᠤᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ᠂ ᠵᠠᠭᠤᠴᠢᠯᠠᠭᠤᠷ ᠤᠨ ᠤᠬᠠᠭᠤᠯᠭ᠎ᠠ ᠵᠢᠴᠢ ᠤᠰᠤ ᠴᠠᠬᠢᠯᠭᠠᠨ ᠤ ᠲᠣᠤᠷ ᠤᠨ ᠰᠠᠭᠠᠳ ᠥᠬᠡᠶ ᠨᠡᠪᠲᠡᠷᠡᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠣᠰ ᠤᠳᠠᠭᠠᠨ ᠤ ᠲᠣᠭᠤᠷᠢᠨ ᠤᠬᠠᠭᠤᠯᠭ᠎ᠠ ᠶᠢᠨ ᠠᠵᠢᠯᠯᠠᠭ᠎ᠠ ᠬᠠᠷᠠᠴᠢᠨ ᠬᠤᠰᠢᠭᠤᠨ ᠳᠤ ᠲᠡᠭᠦᠰ ᠠᠮᠵᠢᠯᠲᠠ ᠤᠯᠬᠤ ᠶᠢ ᠪᠠᠲᠤᠯᠠᠨ᠎ᠠ ᠭᠡᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ ᠪᠠᠶᠠᠷ ᠳᠤᠷᠠᠰᠬᠠᠯ ᠤᠨ ᠠᠵᠢᠯᠯᠠᠭ᠎ᠠ ᠡᠯᠪᠡᠭ ᠪᠠᠶᠠᠯᠢᠭ᠂ ᠣᠯᠠᠨ ᠲᠦᠮᠡᠨ ᠤ ᠶᠠᠪᠤᠵᠤ ᠰᠠᠭᠤᠬᠤ ᠨᠢ ᠣᠯᠠᠨ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠲᠣᠰ ᠠᠵᠢᠯ ᠲᠥᠷᠥᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠲᠠᠢ ᠣᠷᠣᠨ ᠪᠠᠶᠢᠷᠢ ᠪᠠ ᠭᠤᠤᠯᠳᠠᠯᠭ᠎ᠠ ᠲᠠᠢ ᠭᠤᠭᠴᠤᠭ᠎ᠠ ᠶᠢ ᠳᠣᠪᠤᠶᠢᠯᠭᠠᠵᠤ᠂ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠦᠵᠡᠮᠵᠢ ᠶᠢᠨ ᠣᠷᠣᠨ ᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠦᠶᠡᠷ ᠤᠰᠤᠲᠤᠯ ᠤᠨ ᠭᠠᠮᠰᠢᠭ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠰᠠᠢᠲᠤᠷ ᠰᠡᠷᠭᠡᠶᠢᠯᠡᠬᠦ ᠬᠡᠷᠡᠭᠲᠡᠶ᠃ ᠡᠯ᠎ᠡ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ᠂ ᠦᠶᠡᠷ ᠤᠨ ᠬᠤᠭᠤᠴᠠᠭᠠᠨ ᠤ ᠠᠶᠤᠯ ᠠᠴᠠ ᠵᠠᠶᠢᠯᠠᠬᠤ ᠠᠮᠤᠷ ᠲᠦᠪᠰᠢᠨ ᠵᠡᠷᠭᠡ ᠰᠢᠷᠢᠰ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠠᠮᠤᠷ ᠲᠦᠪᠰᠢᠨ ᠦ ᠮᠡᠳᠡᠯᠭᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃     ᠬᠤᠷᠠᠯ ᠠᠴᠠ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮ ᠲᠡᠷᠭᠡ ᠶᠢᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠲᠣᠭᠤᠷᠢᠨ ᠤᠬᠠᠭᠤᠯᠬᠤ ᠠᠵᠢᠯᠯᠠᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠨᠥᠬᠦᠳ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠣᠭᠤᠷᠢᠨ ᠤᠬᠠᠭᠤᠯᠬᠤ ᠠᠵᠢᠯᠯᠠᠭ᠎ᠠ ᠪᠣᠯᠤᠨ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠢ ᠲᠤᠰ ᠲᠤᠰ ᠵᠦᠢ ᠵᠣᠬᠢᠰᠲᠠᠢ ᠰᠠᠨᠠᠯ ᠰᠠᠨᠠᠭᠤᠯᠭ᠎ᠠ ᠳᠤᠷᠠᠳᠴᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号