ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠳᠤᠭᠤᠶᠢᠯᠠᠩ ᠳᠠᠭᠠᠭᠤᠯᠤᠨ ᠭᠠᠨᠰᠦ ᠮᠤᠵᠢ ᠶᠢᠨ ᠳ᠋ᠢᠩ ᠰᠢ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/19
     7 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠳᠤᠭᠤᠶᠢᠯᠠᠩ ᠳᠠᠭᠠᠭᠤᠯᠤᠨ ᠭᠠᠨᠰᠦ ᠮᠤᠵᠢ ᠶᠢᠨ ᠳ᠋ᠢᠩ ᠰᠢ ᠬᠤᠲᠠ ᠳᠤ ᠬᠦᠷᠴᠦ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠠᠷᠠᠯᠵᠢᠶ᠎ᠠ ᠡᠳ᠋ᠰᠢᠭᠦᠯᠦᠯᠲᠡ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ ᠪᠣᠯᠤᠨ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠹᠠᠩ ᠷᠦᠢ ᠤᠷᠢᠳ ᠬᠤᠵᠢᠳ ᠱᠸᠤᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠴᠢ ᠵᠧᠩ ᠡᠮ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠺᠠᠩ ᠮᠧᠢ ᠭᠠᠨᠰᠦ ᠶᠢᠨ ᠪᠠᠷᠠᠭᠤᠨ ᠬᠡᠰᠡᠭ ᠤᠨ ᠬᠢᠲᠠᠳ ᠡᠮ ᠤᠨ ᠬᠤᠳᠠ᠂ ᠭᠠᠨᠰᠦ ᠶᠢᠨ ᠹᠦᠸᠧ ᠼᠢ ᠬᠤᠩ ᠿᠢ ᠡᠮ ᠤᠨ ᠦᠢᠯᠡᠰ᠂ ᠸᠧᠢ ᠱᠦᠢ ᠶᠤᠸᠠᠨ ᠡᠮ ᠤᠨ ᠦᠢᠯᠡᠰ᠂ ᠬᠦᠢ ᠴᠤᠸᠠᠨ ᠵᠢᠶᠠᠩ ᠨᠧᠩ ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠢᠲᠠᠳ ᠡᠮ ᠤᠨ ᠮᠠᠲ᠋ᠧᠷᠢᠶᠠᠯ ᠤᠨ ᠤᠤᠯ ᠡᠮ ᠵᠢᠴᠢ ᠴᠢᠨᠠᠬᠤ ᠡᠮ ᠢ ᠡᠳ᠋ᠰᠢᠭᠦᠯᠦᠨ ᠠᠷᠠᠯᠵᠢᠶᠠᠯᠠᠬᠤ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠦᠢᠯᠡᠳᠪᠦᠷᠢᠯᠡᠬᠦ ᠂ ᠡᠮ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠵᠡᠷᠭᠡ ᠲᠠᠯ᠎ᠠ ᠪᠠᠷ ᠬᠠᠮᠢᠶ᠎ᠠ ᠪᠥᠬᠦᠶ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠭᠠᠨᠰᠦ ᠶᠢᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠥᠨᠢ ᠤᠳᠠᠭᠠᠨ ᠲᠡᠤᠬᠡ ᠲᠠᠢ᠂ ᠪᠠᠷᠢᠮᠵᠢᠶᠠᠵᠢᠭᠤᠯᠤᠨ ᠳᠠᠷᠢᠬᠤ᠂ ᠨᠠᠷᠢᠯᠢᠭ ᠭᠦᠨᠵᠡᠭᠡᠶᠢᠷᠡᠭᠦᠯᠦᠨ ᠪᠣᠯᠪᠠᠰᠤᠷᠠᠭᠤᠯᠬᠤ᠂ ᠬᠡᠪᠴᠢᠶᠡᠵᠢᠭᠦᠯᠦᠨ ᠬᠥᠮᠥᠷᠭᠡᠯᠡᠨ ᠬᠠᠳᠠᠭᠠᠯᠠᠬᠤ᠂ ᠨᠠᠷᠠᠲᠤ ᠲᠡᠮᠳᠡᠭᠵᠢᠭᠦᠯᠦᠨ ᠬᠥᠭᠵᠢᠭᠦᠯᠬᠦ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠡᠮ ᠤᠨ ᠮᠠᠲ᠋ᠧᠷᠢᠶᠠᠯ ᠤᠨ ᠠᠵᠤ ᠦᠶ᠋ᠯᠡᠰ ᠤᠨ ᠬᠥᠭᠵᠢᠯᠲᠡ ᠲᠦᠷᠭᠡᠨ ᠪᠠᠶᠢᠵᠤ᠂ ᠮᠠᠨ ᠤ ᠬᠤᠰᠢᠭᠤᠨ ᠤ ᠰᠤᠷᠤᠯᠴᠠᠭᠤᠰᠢᠲᠠᠶ ᠪᠠᠶᠢᠨ᠎ᠠ ᠭᠡᠵᠠᠢ᠃     ᠹᠠᠩ ᠷᠦᠢ ᠴᠢᠬᠤᠯᠠᠴᠢᠯᠠᠭᠰᠠᠨ ᠨᠢ᠂ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠶ ᠥᠷᠭᠡᠨ ᠠᠭᠤᠳᠠᠮ ᠪᠠᠶᠢᠨ᠎ᠠ᠂ ᠡᠷᠬᠡᠪᠰᠢ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠠᠳᠬᠤᠵᠤ᠂ ᠪᠠᠭᠤᠷᠠᠶ ᠲᠠᠯ᠎ᠠ ᠶᠢ ᠣᠨᠣᠪᠴᠢᠲᠠᠶ ᠨᠥᠬᠦᠪᠥᠷᠢᠯᠡᠵᠦ᠂ ᠳᠤᠲᠠᠭᠤᠳᠠᠯ ᠢ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠳᠠᠯᠳᠠ ᠬᠦᠴᠦᠨ ᠢ ᠠᠭᠤᠳᠠᠯᠵᠤ᠂ ᠮᠠᠨ ᠤ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ᠂ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ᠃ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠵᠤ᠂ ᠬᠥᠲᠥᠴᠢ ᠠᠵᠤ ᠠᠬᠤᠶᠢᠯᠠᠯ ᠤᠨ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮ ᠤᠨ ᠮᠠᠲ᠋ᠧᠷᠢᠶᠠᠯ ᠢ ᠨᠠᠷᠢᠯᠢᠭ ᠭᠦᠨᠵᠡᠭᠡᠶ ᠡᠳ᠋ᠰᠢᠭᠦᠯᠬᠦ ᠣᠲᠣ ᠦᠶ᠎ᠡ ᠶᠢᠨ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠪᠠ ᠲᠣᠮᠣ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠡᠮ ᠤᠨ ᠮᠠᠲ᠋ᠧᠷᠢᠶᠠᠯ ᠢ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠪᠥᠬᠦ ᠤᠯᠤᠰ ᠤᠨ ᠳᠥᠷᠪᠡᠳᠦᠭᠡᠷ ᠲᠣᠮᠣ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠭᠠᠨ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠠᠷᠠᠴᠢᠨ ᠬᠤᠰᠢᠭᠤᠨ ᠤ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠳᠣᠪᠤᠶᠢᠯᠭᠠᠵᠤ᠂ ᠲᠤᠰᠬᠠᠶ ᠮᠡᠷᠭᠡᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠲᠠᠷᠢᠮᠠᠯ ᠤᠨ ᠮᠡᠷᠭᠡᠵᠢᠯ ᠤᠨ ᠬᠢᠷᠢ ᠲᠦᠪᠰᠢᠨ ᠪᠠ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠮᠠᠰᠢᠨ ᠮᠧᠬᠠᠨᠢᠭ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠡᠮ ᠤᠨ ᠠᠵᠤ ᠠᠬᠤᠶᠢᠯᠠᠯ ᠤᠨ ᠺᠣᠮᠫᠠᠨᠢ ᠯᠤᠭ᠎ᠠ ᠭᠦᠨᠵᠡᠭᠡᠶ ᠬᠠᠮᠲᠤᠷᠠᠯᠴᠠᠬᠤ ᠪᠠᠨ ᠴᠢᠩᠭᠠᠳᠬᠠᠵᠤ᠂ ᠪᠥᠬᠦ ᠤᠯᠤᠰ ᠤᠨ ᠡᠮ ᠤᠨ ᠮᠠᠲ᠋ᠧᠷᠢᠶᠠᠯ ᠢ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠬᠦᠴᠦᠯᠡᠨ ᠣᠷᠣᠭᠤᠯᠤᠨ ᠠᠪᠴᠢᠷᠠᠵᠤ᠂ ᠮᠠᠨ ᠤ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠶ᠃ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠡᠮ ᠪᠠ ᠢᠳᠡᠭᠡᠨ ᠢ ᠠᠳᠠᠯᠢ ᠢᠷᠡᠯᠲᠡ ᠲᠠᠢ ᠰᠤᠪᠢᠯᠠᠨ ᠬᠥᠭᠵᠢᠭᠦᠯᠬᠦ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠢᠭᠤᠯᠴᠢᠯᠠᠯ᠂ ᠡᠮᠴᠢᠯᠡᠭᠡ ᠵᠡᠷᠭᠡ ᠠᠵᠤ ᠦᠢᠯᠡᠰ ᠯᠦᠭᠡ ᠭᠦᠨᠵᠡᠭᠡᠶ ᠠᠭᠤᠰᠤᠯᠴᠠᠬᠤ ᠶᠢ ᠴᠢᠩᠭᠠᠳᠬᠠᠨ᠂ ᠣᠷᠣᠨ ᠪᠦᠰᠡ ᠶᠢᠨ ᠣᠨᠴᠠᠯᠢᠭ ᠲᠠᠢ ᠡᠷᠡᠭᠦᠯ ᠢᠶᠠᠷ ᠤᠷᠲᠤᠳᠬᠠᠭᠰᠠᠨ ᠠᠵᠤ ᠦᠢᠯᠡᠰ ᠢ ᠶᠡᠬᠡᠪᠡᠷ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠪᠠᠷᠢᠮᠵᠢᠶ᠎ᠠ ᠬᠦᠰᠦᠨᠦᠭᠲᠦ ᠶᠢᠨ ᠡᠮ ᠤᠨ ᠮᠠᠲ᠋ᠧᠷᠢᠶᠠᠯ ᠤᠨ ᠠᠵᠤ ᠦᠢᠯᠡᠰ ᠬᠥᠭᠵᠢᠭᠰᠡᠨ ᠭᠠᠵᠠᠷ ᠣᠷᠣᠨ ᠳᠤ᠂ ᠮᠠᠨ ᠤ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠡᠯ᠎ᠡ ᠲᠥᠷᠥᠯ ᠤᠨ ᠠᠰᠠᠭᠤᠳᠠᠯ ᠢ ᠭᠦᠨᠵᠡᠭᠡᠶ ᠤᠶᠢᠯᠠᠭᠠᠨ ᠵᠢᠭᠰᠠᠭᠠᠵᠤ᠂ ᠡᠭᠦᠷᠭᠡ ᠶᠢᠨ ᠨᠠᠷᠢᠨ ᠲᠠᠩᠰᠠ ᠶᠢ ᠪᠦᠷᠢᠯᠳᠦᠭᠦᠯᠦᠨ᠂ ᠨᠢᠭᠡ ᠨᠢᠭᠡ ᠪᠠᠷ ᠵᠣᠬᠢᠴᠠᠭᠤᠯᠤᠨ ᠰᠢᠢᠳᠪᠦᠷᠢᠯᠡᠵᠦ᠂ ᠮᠠᠨ ᠤ ᠬᠤᠰᠢᠭᠤᠨ ᠤ ᠡᠮ ᠤᠨ ᠮᠠᠲ᠋ᠧᠷᠢᠶᠠᠯ ᠤᠨ ᠲᠠᠷᠢᠮᠠᠯ ᠢ ᠪᠠᠷᠢᠮᠵᠢᠶᠠᠵᠢᠭᠤᠯᠤᠨ ᠬᠥᠭᠵᠢᠭᠦᠯᠬᠦ᠂ ᠪᠣᠯᠪᠠᠰᠤᠷᠠᠭᠤᠯᠬᠤ ᠶᠢ ᠨᠠᠷᠢᠯᠢᠭ ᠪᠣᠯᠭᠠᠬᠤ ᠳᠠᠰᠢ ᠭᠦᠨᠵᠡᠭᠡᠶᠢᠷᠡᠭᠦᠯᠦᠨ ᠬᠥᠭᠵᠢᠭᠦᠯᠬᠦ᠂ ᠰᠠᠭᠤᠷᠢᠨ ᠭᠠᠵᠠᠷ ᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠵᠤ᠂ ᠮᠠᠨ ᠤ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠭᠠᠬᠤ ᠳᠤ ᠬᠦᠴᠦᠨ ᠨᠡᠮᠡᠷᠢᠯᠡᠨ᠎ᠡ᠃     ᠰᠢᠨᠵᠢᠯᠡᠨ ᠪᠠᠶᠢᠴᠠᠭᠠᠬᠤ ᠶᠠᠪᠤᠴᠠ ᠳᠤ᠂ ᠹᠠᠩ ᠷᠦᠢ ᠪᠠᠰᠠ ᠬᠠᠮᠢᠶ᠎ᠠ ᠪᠥᠬᠦᠶ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠳᠤ ᠮᠠᠨ ᠤ ᠬᠤᠰᠢᠭᠤᠨ ᠤ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠬᠠᠮᠢᠶ᠎ᠠ ᠪᠥᠬᠦᠶ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠴᠢᠩ ᠰᠡᠳᠬᠢᠯ ᠤᠨ ᠤᠷᠢᠯᠭ᠎ᠠ ᠭᠠᠷᠭᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号