ᠪᠡᠭᠡᠵᠢᠩ ᠤᠨ ᠰᠢᠴᠸᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠱᠦᠥᠸ᠋ ᠰᠢᠴᠸᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠠᠷᠠᠴᠢᠨ ᠬᠤᠰᠢᠭᠤᠨ ᠳᠤ ᠬᠦᠷᠴᠦ ᠲᠤᠰᠠᠯᠠᠨ ᠬᠠᠮᠵᠢᠯᠴᠠᠬᠤ ᠠᠵᠢᠯ ᠢ ᠵᠠᠯᠭᠠᠯᠳᠤᠭᠤᠯᠪᠠ
ᠨᠡᠶᠢᠲᠡᠯᠡᠭᠰᠡᠨ ᠴᠠᠭ᠄
2023/7/19
     7 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠪᠡᠭᠡᠵᠢᠩ ᠤᠨ ᠰᠢᠴᠸᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠱᠦᠥᠸ᠋ ᠰᠢᠴᠸᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠠᠷᠠᠴᠢᠨ ᠬᠤᠰᠢᠭᠤᠨ ᠳᠤ ᠬᠦᠷᠴᠦ ᠲᠤᠰᠠᠯᠠᠨ ᠬᠠᠮᠵᠢᠯᠴᠠᠬᠤ ᠠᠵᠢᠯ ᠢ ᠵᠠᠯᠭᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠵᠢᠶ ᠺᠠᠩ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠭᠦᠸᠧ ᠽᠤ᠋ ᠮᠢᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠭᠤᠤ ᠵᠢᠶᠠᠨ᠂ ᠬᠤᠰᠢᠭᠤᠨ ᠲᠠᠰ ᠤᠨ ᠤᠳᠤᠷᠢᠳᠤᠯᠭ᠎ᠠ ᠹᠠᠩ ᠷᠦᠢ᠂ ᠵᠣᠣ ᠶᠠᠨ ᠬᠤᠩ᠂ ᠸᠠᠩ ᠴᠢᠦ ᠶᠧ᠂ ᠶᠠᠩ ᠸᠧᠨ ᠳ᠋ᠦᠩ᠂ ᠸᠠᠩ ᠶᠦᠨ ᠰᠢᠶᠠ᠂ ᠸᠠᠩ ᠯᠢ ᠭᠦᠸᠧ ᠵᠣᠯᠭᠠᠯᠴᠠᠭ᠎ᠠ ᠳᠤ ᠣᠷᠣᠯᠴᠠᠪᠠ᠃     ᠬᠤᠶᠠᠷ ᠡᠳᠦᠷ ᠤᠨ ᠬᠤᠭᠤᠴᠠᠭ᠎ᠠ ᠲᠠᠢ ᠵᠣᠯᠭᠠᠭᠤᠯᠤᠨ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠲᠥᠯᠥᠭᠡᠯᠡᠭᠴᠢᠳ ᠤᠨ ᠪᠦᠯᠬᠦᠮ ᠤᠨ ᠬᠢᠨ ᠤᠷᠢᠳ ᠬᠤᠵᠢᠳ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶ᠎ᠡ᠂ ᠸᠠᠩ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠤᠯᠠᠨ ᠴᠢᠳᠠᠮᠵᠢᠳᠦ ᠤᠢ ᠰᠢᠭᠤᠢ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠤᠯᠠᠭᠠᠨᠬᠠᠳᠠ ᠶᠢᠨ ᠸᠠᠩ ᠯᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠮᠡᠶᠢᠷᠡᠨ ᠪᠠᠯᠭᠠᠰᠤ ᠶᠢᠨ ᠳ᠋ᠠ ᠢᠩᠽᠢ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠪᠠᠭ᠎ᠠ ᠮᠡᠶᠢᠷᠡᠨ ᠲᠣᠰᠬᠤᠨ ᠤ ᡂᠢ ᠰᠦᠩ ᠷᠦᠩ ᠲᠠᠷᠢᠮᠠᠯ ᠤᠨ ᠰᠠᠭᠤᠷᠢᠨ ᠭᠠᠵᠠᠷ ᠪᠣᠯᠤᠨ ᠪᠤᠶᠠᠨ ᠬᠤᠷᠢᠶᠠᠭᠴᠢ ᠰᠦᠮ᠎ᠡ ᠵᠡᠷᠭᠡ ᠭᠠᠵᠠᠷ ᠢᠶᠠᠷ ᠭᠦᠨᠵᠡᠭᠡᠶᠢᠷᠡᠪᠡ᠃ ᠲᠣᠰ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠤᠭᠰᠠᠨ᠂ ᠡᠮᠴᠢᠯᠡᠭᠡ ᠪᠠᠷ ᠬᠠᠪᠰᠤᠷᠤᠨ ᠲᠡᠳᠬᠦᠭᠰᠡᠨ᠂ ᠮᠣᠩᠭᠤᠯ ᠲᠥᠪᠡᠳ ᠤᠨ ᠰᠤᠷᠭᠠᠭᠤᠯᠢ ᠶᠢ ᠰᠡᠯᠪᠢᠨ ᠵᠠᠰᠠᠭᠰᠠᠨ᠂ ᠣᠶ ᠰᠢᠭᠤᠶ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠨᠡᠭᠡᠭᠡᠨ ᠠᠰᠢᠭᠯᠠᠭᠰᠠᠨ᠂ ᠣᠶ ᠶᠢᠨ ᠬᠤᠷᠮᠣᠶ ᠶᠢᠨ ᠪᠦᠲᠦᠭᠡᠭᠳᠡᠬᠦᠨ ᠢ ᠬᠠᠳᠠᠭᠠᠯᠠᠵᠤ ᠢᠯᠭᠠᠨ ᠪᠣᠭᠤᠳᠠᠯᠯᠠᠬᠤ ᠦᠢᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠳᠣᠬᠢ ᠪᠠᠶᠢᠳᠠᠯ᠂ ᠢᠳᠡᠭᠡᠨ ᠤ ᠮᠥᠭᠦ ᠶᠢ ᠳᠠᠷᠢᠵᠤ ᠪᠣᠷᠣᠯᠠᠭᠤᠯᠤᠭᠰᠠᠨ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃     7 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠰᠢᠴᠸᠩ ᠲᠣᠭᠤᠷᠢᠭ ᠪᠣᠯᠤᠨ ᠬᠠᠷᠠᠴᠢᠨ ᠬᠤᠰᠢᠭᠤᠨ ᠤ ᠵᠡᠭᠦᠨ ᠪᠠᠷᠠᠭᠤᠨ ᠬᠡᠰᠡᠭ ᠤᠨ ᠬᠠᠮᠵᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠪᠠ᠃     ᠹᠠᠩ ᠷᠦᠢ ᠶᠠᠷᠢᠯᠴᠠᠬᠤ ᠬᠤᠷᠠᠯ ᠳᠡᠭᠡᠷ᠎ᠡ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠠᠶ ᠃ ᠲᠡᠷᠡ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠦᠭᠰᠡᠨ ᠪᠠ ᠣᠯᠤᠭᠰᠠᠨ ᠠᠮᠵᠢᠯᠲᠠ ᠪᠦᠲᠦᠮᠵᠢ ᠳᠤ ᠰᠢᠴᠸᠩ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠ ᠭᠦᠨ ᠳᠣᠲᠣᠨᠣ ᠬᠠᠯᠠᠮᠵᠢᠯᠠᠯ ᠠᠭᠤᠯᠤᠭᠳᠠᠵᠤ ᠂ ᠨᠡᠶᠢᠰᠯᠡᠯ ᠤᠨ ᠨᠡᠶᠢᠭᠡᠮ ᠤᠨ ᠡᠯ᠎ᠡ ᠡᠲᠡᠭᠡᠳ ᠤᠨ ᠬᠠᠷᠠᠮ ᠥᠬᠡᠶ ᠵᠢᠳᠬᠦᠯ ᠪᠠ ᠴᠢᠩ ᠰᠡᠳᠬᠢᠯ ᠤᠨ ᠴᠢᠷᠮᠠᠶᠢᠯᠭ᠎ᠠ ᠠᠭᠤᠯᠤᠭᠳᠠᠵᠤ ᠪᠠᠶᠢᠳᠠᠭ᠂ ᠬᠠᠷᠠᠴᠢᠨ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠵᠢᠷᠦᠬᠡᠨ ᠳᠤ ᠬᠠᠳᠠᠩᠰᠢᠵᠠᠶ᠃ ᠬᠠᠷᠠᠴᠢᠨ ᠬᠤᠰᠢᠭᠤ ᠬᠠᠪᠰᠤᠷᠤᠨ ᠲᠡᠳᠬᠦᠬᠦ ᠰᠡᠳᠬᠢᠯᠭᠡ ᠪᠠᠨ ᠬᠤᠪᠢ ᠳᠠᠬᠢᠨ ᠨᠠᠨᠳᠢᠩᠨᠠᠵᠤ᠂ ᠬᠠᠮᠵᠢᠯᠴᠠᠬᠤ ᠬᠦᠴᠦᠨ ᠢᠶᠠᠨ ᠦᠨᠡᠨᠬᠦ ᠰᠠᠶᠢᠲᠤᠷ ᠠᠰᠢᠭᠯᠠᠵᠤ᠂ ᠰᠢᠴᠸᠩ ᠲᠣᠭᠤᠷᠢᠭ ᠤᠨ ᠬᠠᠪᠰᠤᠷᠤᠨ ᠲᠡᠳᠬᠦᠬᠦ᠂ ᠲᠤᠰᠠᠯᠠᠬᠤ ᠶᠢ ᠪᠥᠬᠦ ᠬᠤᠰᠢᠭᠤᠨ ᠤ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠳᠠᠪᠠᠭᠤᠯᠢᠭ ᠢᠶᠠᠨ ᠪᠠᠳᠠᠷᠠᠭᠤᠯᠤᠨ ᠬᠦᠷᠦᠯᠴᠡᠬᠦ ᠥᠬᠡᠶ ᠲᠠᠯ᠎ᠠ ᠪᠠᠨ ᠨᠥᠬᠦᠪᠥᠷᠢᠯᠡᠵᠦ᠂ ᠪᠠᠶᠢᠷᠢ ᠰᠤᠯᠢᠨ ᠬᠥᠭᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠪᠦᠬᠦᠯᠢ ᠴᠣᠭᠴᠠ ᠪᠠᠷ ᠢᠶᠠᠨ ᠳᠡᠭᠡᠭᠰᠢᠯᠡᠭᠦᠯᠦᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠪᠠᠶᠢᠳᠠᠯ ᠢ ᠭᠠᠷ ᠬᠤᠯᠪᠣᠨ ᠨᠡᠭᠡᠭᠡᠨ ᠡᠭᠦᠳᠦᠨ᠎ᠡ᠃     ᠵᠠᠩ ᠵᠢᠶ ᠺᠠᠩ ᠢᠯᠡᠷᠬᠡᠶᠢᠯᠡᠬᠦ ᠳᠡᠭᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠳᠡᠭᠡᠳᠦ ᠬᠡᠮᠵᠢᠶ᠎ᠡ ᠪᠠᠷ ᠠᠭᠢᠵᠤ᠂ ᠡᠯ᠎ᠡ ᠬᠦᠷᠢᠶᠡᠨ ᠳᠠᠬᠢ ᠬᠠᠮᠵᠢᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠡᠳᠦᠷ ᠢᠷᠡᠬᠦᠶ᠎ᠡ ᠨᠢᠭᠲᠠᠷᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠣᠷᠣᠯᠴᠠᠵᠤ᠂ ᠬᠠᠮᠵᠢᠯᠴᠠᠬᠤ ᠠᠵᠢᠯ ᠡᠯᠪᠡᠭ ᠦᠷ᠎ᠡ ᠪᠦᠲᠦᠮᠵᠢ ᠤᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠲᠥᠷᠥᠯ ᠵᠦᠢᠯ ᠢᠶᠠᠷ ᠳᠠᠶᠢᠴᠢᠯᠠᠯᠲᠠ ᠪᠣᠯᠭᠠᠵᠤ᠂ ᠬᠠᠮᠲᠤᠷᠠᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠠᠵᠤ ᠦᠢᠯᠡᠰ ᠤᠨ ᠠᠭᠤᠰᠤᠯᠴᠠᠯ ᠢ ᠴᠢᠩᠭᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠮᠴᠢᠯᠡᠭᠡᠨ ᠤ ᠴᠢᠳᠠᠪᠤᠷᠢᠲᠠᠨ᠂ ᠠᠵᠤ ᠦᠢᠯᠡᠰ ᠤᠨ ᠰᠢᠯᠵᠢᠯᠲᠡ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠂ ᠠᠮᠢ ᠠᠬᠤᠶ ᠶᠢᠨ ᠵᠢᠭᠤᠯᠴᠢᠯᠠᠯ ᠵᠡᠷᠭᠡ ᠬᠦᠷᠢᠶ᠎ᠡ ᠴᠠᠷᠠᠭ᠎ᠠ ᠶᠢᠨ ᠪᠥᠬᠦ ᠲᠠᠯ᠎ᠠ ᠪᠠᠷ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠪᠲᠡᠷᠡᠯᠴᠡᠨ ᠵᠣᠯᠭᠠᠯᠴᠠᠬᠤ ᠪᠠᠨ ᠨᠢᠭᠲᠠᠷᠠᠭᠤᠯᠤᠨ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠬᠠᠮᠵᠢᠯᠴᠠᠨ ᠴᠢᠰᠤ ᠶᠡᠭᠦᠯᠡᠵᠦ ᠪᠠᠶᠢᠭᠰᠠᠨ ᠠᠴᠠ ᠪᠠᠨ ᠥᠪᠡᠷ ᠢᠶᠠᠨ ᠴᠢᠰᠤ ᠪᠦᠲᠦᠭᠡᠬᠦ ᠳᠠᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠡᠬᠢ ᠪᠠᠶᠠᠯᠢᠭ ᠤᠨ ᠬᠠᠮᠵᠢᠯᠴᠠᠭ᠎ᠠ ᠶᠢᠨ ᠨᠠᠩ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠤᠨ᠂ ᠳᠠᠬᠢᠨ ᠰᠢᠨ᠎ᠡ ᠳᠡᠭᠲᠡᠷ ᠲᠤ ᠭᠠᠷᠭᠠᠨ᠎ᠠ᠃     ᠰᠦᠨ ᠱᠦᠥᠸ᠋ ᠢᠯᠡᠷᠬᠡᠶᠢᠯᠡᠬᠦ ᠳᠡᠭᠡᠨ᠂ ᠬᠤᠣᠰᠯᠠᠨ ᠲᠡᠳᠬᠦᠭᠰᠡᠨ ᠠᠴᠠ ᠨᠠᠰᠢ᠂ ᠰᠢᠴᠸᠩ ᠲᠣᠭᠤᠷᠢᠭ ᠪᠣᠯᠤᠨ ᠬᠠᠷᠠᠴᠢᠨ ᠬᠤᠰᠢᠭᠤ ᠬᠠᠮᠵᠢᠯᠴᠠᠨ ᠬᠥᠭᠵᠢᠬᠦ ᠪᠠ ᠣᠨᠴᠠᠯᠢᠭ ᠢᠶᠠᠨ ᠳᠣᠪᠤᠶᠢᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠬᠠᠮᠲᠤᠷᠠᠨ ᠠᠵᠢᠯᠯᠠᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠥᠭᠵᠢᠯᠲᠡ ᠳᠤ ᠤᠨᠢᠨ ᠳᠡᠭᠡᠷ᠎ᠡ ᠨᠢ ᠬᠦᠴᠦ ᠨᠡᠮᠡᠷᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠪᠡᠷᠮᠢᠴᠡ ᠣᠨᠴᠠᠯᠢᠭ ᠲᠠᠢ ᠨᠡᠷᠡᠲᠦ ᠲᠡᠮᠳᠡᠭ ᠢ ᠬᠦᠴᠦᠷᠬᠡᠭᠵᠢᠭᠦᠯᠵᠦ᠂ ᠠᠵᠤ ᠦᠢᠯᠡᠰ ᠤᠨ ᠰᠠᠭᠤᠷᠢ ᠲᠠᠰᠤᠷᠠᠯᠲᠠ ᠦᠭᠡᠶ ᠪᠠᠬᠢᠵᠢᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠬᠥᠮᠦᠵᠢᠯ ᠢ ᠴᠢᠩᠭᠠᠳᠬᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠴᠢᠬᠤᠯᠠᠴᠢᠯᠠᠵᠤ᠂ ᠴᠢᠳᠠᠪᠤᠷᠢᠲᠠᠨ ᠤ ᠪᠠᠶᠢᠭᠤᠯᠤᠯᠲᠠ ᠶᠢ ᠴᠢᠷᠮᠠᠶᠢᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢ ᠦᠨᠡᠨᠬᠦ ᠴᠢᠩᠭᠠᠳᠬᠠᠵᠤ᠂ ᠨᠡᠩ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ ᠲᠠᠯᠪᠢᠵᠤ᠂ ᠨᠡᠩ ᠬᠠᠨᠳᠤᠯᠭᠠᠲᠤ ᠴᠢᠨᠠᠷᠲᠠᠢ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠪᠦᠷᠢᠯᠳᠦᠭᠦᠯᠪᠡ᠂ ᠡᠳᠡᠭᠡᠷ ᠠᠮᠵᠢᠯᠲᠠ ᠪᠦᠲᠦᠮᠵᠢ ᠨᠢ ᠮᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠵᠠᠯᠭᠠᠭᠠᠳ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠬᠦᠴᠦᠯᠡᠵᠦ᠂ ᠡᠨᠡᠬᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠯᠠᠯᠲᠠ ᠶᠢᠨ ᠵᠠᠭᠪᠤᠷ ᠢ ᠡᠷᠡᠰ ᠪᠠᠲᠤ ᠰᠠᠬᠢᠬᠤ ᠶᠢ ᠬᠦᠰᠡᠵᠦ ᠪᠠᠶᠢᠨ᠎ᠠ︔ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ︔ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠤᠣᠰᠯᠠᠨ ᠬᠠᠮᠵᠢᠯᠴᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠵᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭᠠᠨ ᠤ ᠰᠢᠨ᠎ᠡ ᠬᠡᠪ ᠳᠠᠭᠤᠷᠢᠶᠠᠯ ᠢ ᠭᠠᠷ ᠬᠤᠯᠪᠣᠨ ᠪᠤᠢ ᠪᠣᠯᠭᠠᠨ᠎ᠠ᠃     ᠣᠶᠢᠯᠠᠭᠠᠭᠰᠠᠨ ᠢᠶᠠᠷ᠂ ᠰᠢᠴᠸᠩ ᠲᠣᠭᠤᠷᠢᠭ ᠪᠣᠯᠤᠨ ᠬᠠᠷᠠᠴᠢᠨ ᠬᠤᠰᠢᠭᠤ 2016 ᠣᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠥᠷᠨᠢᠭᠦᠯᠦᠭᠰᠡᠨ ᠠᠴᠠ ᠨᠠᠰᠢ᠂ ᠲᠤᠬᠠᠶ ᠶᠢᠨ ᠭᠠᠵᠠᠷ ᠤᠨ ᠭᠤᠣᠯᠯᠠᠭᠴᠢ ᠠᠵᠤ ᠦᠢᠯᠡᠰ ᠤᠨ ᠬᠠᠲᠠᠭᠤ ᠵᠢᠮᠢᠰ ᠲᠥᠪᠡᠳ ᠬᠠᠰᠢ ᠶᠢ ᠲᠣᠭᠤᠷᠢᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ ᠠᠰᠢᠭᠯᠠᠵᠤ᠂ ᠬᠤᠶᠠᠷ ᠲᠠᠯ᠎ᠠ ᠪᠠᠷ ᠢᠶᠠᠨ ᠬᠠᠮᠲᠤᠪᠠᠷ ᠲᠥᠯᠥᠪᠵᠢᠭᠦᠯᠵᠦ ᠬᠠᠮᠲᠤᠪᠠᠷ ᠠᠬᠢᠭᠤᠯᠤᠭᠰᠠᠨ ᠪᠡᠭᠡᠵᠢᠩ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠤᠶᠤᠨᠲᠤ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠬᠠᠪᠰᠤᠷᠤᠨ ᠲᠡᠳᠬᠦᠬᠦ ᠲᠥᠷᠥᠯ ᠵᠦᠢᠯ ᠢ ᠪᠠᠷᠢᠮᠲᠠᠯᠠᠨ ᠬᠡᠷᠡᠭᠵᠢᠭᠦᠯᠬᠦ ᠶᠢᠨ ᠬᠠᠮᠲᠤ᠂ ᠮᠢᠬᠠᠨ ᠨᠤᠭᠤᠰᠤ᠂ ᠬᠢᠲᠠᠳ ᠮᠣᠩᠭᠤᠯ ᠡᠮ ᠤᠨ ᠮᠠᠲ᠋ᠧᠷᠢᠶᠠᠯ᠂ ᠢᠳᠡᠭᠡᠨ ᠤ ᠪᠠᠺᠲ᠋ᠧᠷᠢ᠂ ᠬᠤᠯᠢᠮᠠᠭ ᠠᠮᠤ ᠢᠳᠡᠰᠢᠨ ᠨᠣᠭᠤᠭ᠎ᠠ ᠵᠡᠷᠭᠡ ᠲᠤᠬᠠᠶ ᠶᠢᠨ ᠭᠠᠵᠠᠷ ᠤᠨ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢ ᠬᠠᠪᠰᠤᠷᠤᠨ ᠲᠡᠳᠬᠦᠬᠦ ᠳᠤ ᠬᠦᠴᠦ ᠨᠡᠮᠡᠷᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠬᠠᠮᠲᠤ ᠠᠵᠤ ᠦᠢᠯᠡᠰ᠂ ᠠᠵᠢᠯ ᠣᠯᠭᠤᠯᠲᠠ᠂ ᠬᠡᠷᠡᠭᠯᠡᠭᠡ᠂ ᠴᠢᠳᠠᠪᠤᠷᠢᠲᠠᠨ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠡᠯ᠎ᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠠᠮᠲᠤᠷᠠᠯᠴᠠᠨ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠤ ᠦᠢᠯᠡᠰ ᠥᠷᠨᠢᠩᠭᠦᠢ ᠬᠥᠭᠵᠢᠪᠡ  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号