ᠸᠠᠩ ᠵᠢᠶᠠ ᠬᠤᠸᠠᠨ ᠲᠠᠷᠢᠶᠠᠯᠠᠩ ᠤᠨ ᠪᠦᠲᠦᠭᠡᠭᠳᠡᠬᠦᠨ ᠤ ᠪᠦᠯᠦᠭᠯᠡᠯ ᠬᠠᠷᠠᠴᠢᠨ ᠬᠤᠰᠢᠭᠤᠨ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/7/20
     7 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠸᠠᠩ ᠵᠢᠶᠠ ᠬᠤᠸᠠᠨ ᠲᠠᠷᠢᠶᠠᠯᠠᠩ ᠤᠨ ᠪᠦᠲᠦᠭᠡᠭᠳᠡᠬᠦᠨ ᠤ ᠪᠦᠯᠦᠭᠯᠡᠯ ᠤᠨ ᠶᠡᠷᠦᠩᠬᠡᠶ ᠵᠠᠬᠢᠷᠤᠯ ᠢᠦᠶ ᠪᠢᠶᠤᠤ᠂ ᠳᠡᠳ᠋ ᠶᠡᠷᠦᠩᠬᠡᠶ ᠳᠠᠭᠠᠭᠠᠮᠠᠯ ᠹᠠᠩ ᠫᠤᠩ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠨ ᠰᠣᠯᠢᠯᠴᠠᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠤᠸᠠᠩ ᠸᠧᠨ ᠳ᠋ᠢ ᠵᠢᠴᠢ ᠬᠤᠰᠢᠭᠤᠨ ᠦ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠢᠦᠢ ᠪᠢᠶᠤᠤ᠂ ᠹᠠᠩ ᠫᠧᠩ ᠤᠷᠢᠳ ᠬᠤᠵᠢᠳ ᠥᠪᠥᠷ ᠮᠣᠩᠭᠤᠯ ᠤᠨ ᠬᠢᠲᠠᠳ ᠡᠮ ᠤᠨ ᠮᠠᠲᠧᠷᠢᠶᠠᠯ ︵ᠮᠣᠩᠭᠤᠯ ᠡᠮ ᠤᠨ ᠮᠠᠲᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠨᠠ ᠯᠠᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠬᠤᠢ ᠴᠢᠤᠸᠠᠨ ᠲᠦᠩ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ ᠵᠢᠦ ᠮᠦ ᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠯᠠᠮᠠ ᠶᠢᠨ ᠭᠠᠵᠠᠷ ᠲᠣᠰᠬᠤᠨ ᠤ ᠲᠥᠪᠡᠳ ᠬᠠᠰᠢ ᠶᠢᠨ ᠠᠵᠤ ᠦᠢᠯᠡᠰ ᠤᠨ ᠬᠦᠷᠢᠶᠡᠯᠡᠩ᠂ ᠤᠢ ᠶᠢᠨ ᠬᠤᠷᠮᠣᠢ ᠶᠢᠨ ᠢᠳᠡᠭᠡᠨ ᠤ ᠮᠦᠬᠦ ᠶᠢᠨ ᠲᠠᠷᠢᠮᠠᠯ ᠤᠨ ᠰᠠᠭᠤᠷᠢᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠮᠠᠨ ᠤ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶ ᠶᠢᠨ ᠦᠷ᠎ᠡ ᠠᠰᠢᠭ ᠢ ᠵᠠᠳᠠᠯᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠲᠥᠯᠥᠪᠵᠢᠭᠦᠯᠦᠨ᠎ᠡ᠃     7 ᠰᠠᠷ᠎ᠠ ᠶᠢᠨ 20 ᠤ ᠡᠳᠦᠷ᠂ ᠮᠠᠨ ᠤ ᠬᠤᠰᠢᠭᠤ ᠸᠠᠩ ᠵᠢᠶᠠ ᠬᠤᠸᠠᠨ ᠲᠠᠷᠢᠶᠠᠯᠠᠩ ᠤᠨ ᠪᠦᠲᠦᠭᠡᠭᠳᠡᠬᠦᠨ ᠤ ᠪᠦᠯᠦᠭᠯᠡᠯ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠠᠷᠠᠴᠢᠨ ᠬᠤᠰᠢᠭᠤᠨ ᠤ ᠦᠨᠳᠦᠰᠦᠨ ᠪᠠᠶᠢᠳᠠᠯ ᠪᠠ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠲᠣᠰ ᠲᠣᠰ ᠲᠠᠨᠢᠯᠴᠠᠭᠤᠯᠬᠤ ᠶᠢᠨ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠲᠠᠯ᠎ᠠ ᠪᠠᠷ ᠬᠢ ᠬᠤᠳᠠᠯᠳᠤᠨ ᠠᠪᠬᠤ᠂ ᠢᠯᠭᠠᠵᠤ ᠳᠣᠭᠢᠷᠠᠭᠤᠯᠤᠨ ᠬᠦᠷᠭᠡᠬᠦ᠂ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠲᠠᠯ᠎ᠠ ᠪᠠᠷ ᠭᠦᠨᠵᠡᠭᠡᠶ ᠰᠣᠯᠢᠯᠴᠠᠨ ᠵᠣᠯᠭᠠᠭᠤᠯᠪᠠ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠠᠵᠤ ᠦᠶ᠋ᠯᠡᠰ ᠤᠨ ᠳᠠᠪᠠᠭᠤᠯᠢᠭ ᠢᠯᠡᠷᠬᠡᠶ᠂ ᠣᠷᠣᠨ ᠪᠠᠶᠢᠷᠢ ᠶᠢᠨ ᠵᠠᠮ ᠬᠠᠷᠢᠯᠴᠠᠭ᠎ᠠ ᠲᠥᠬᠦᠮ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠳᠠᠭ᠂ ᠬᠤᠶᠠᠷ ᠲᠠᠯ᠎ᠠ ᠪᠠᠷ ᠢᠶᠠᠨ ᠬᠡᠪᠰᠢᠭᠰᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠶ᠋ᠯ ᠤᠨ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠲᠠᠷᠢᠶᠠᠯᠠᠩ ᠤᠨ ᠠᠵᠤ ᠦᠶ᠋ᠯᠡᠰ ᠤᠨ ᠳᠠᠭᠠᠭᠤᠯᠤᠭᠴᠢ ᠪᠠᠷ ᠳᠠᠶᠢᠴᠢᠯᠠᠬᠤ᠂ ᠨᠠᠷᠠᠲᠤ ᠲᠡᠮᠳᠡᠭᠲᠦ ᠶᠢ ᠡᠭᠦᠳᠬᠦ᠂ ᠬᠦᠶ᠋ᠲᠡᠨ ᠬᠡᠯᠬᠢᠶᠡᠲᠦ ᠪᠠᠷᠠᠭᠠᠨ ᠤ ᠭᠦᠶ᠋ᠯᠭᠡᠭᠡ᠂ ᠬᠤᠳᠠᠯᠳᠤᠨ ᠠᠪᠴᠤ ᠪᠣᠷᠣᠯᠠᠭᠤᠯᠬᠤ ᠵᠡᠷᠭᠡ ᠲᠠᠯ᠎ᠠ ᠶᠢᠨ ᠭᠦᠨᠵᠡᠭᠡᠶ ᠬᠠᠮᠲᠤᠷᠠᠯᠴᠠᠭ᠎ᠠ ᠶᠢ ᠳᠥᠯᠭᠢᠨ ᠠᠬᠢᠭᠤᠯᠵᠤ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号