ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠪᠦᠯᠬᠦᠮ ᠳᠠᠭᠠᠭᠤᠯᠤᠨ ᠱᠠᠨᠰᠢ ᠮᠤᠵᠢ ᠶᠢᠨ ᠰᠢᠶᠠᠨᠶᠠᠩ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/7/25
     7 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠪᠦᠯᠬᠦᠮ ᠳᠠᠭᠠᠭᠤᠯᠤᠨ ᠱᠠᠨᠰᠢ ᠮᠤᠵᠢ ᠶᠢᠨ ᠰᠢᠶᠠᠨᠶᠠᠩ ᠬᠤᠲᠠ ᠶᠢᠨ ᠶᠠᠨᠰᠢᠶᠠ ᠪᠠᠯᠭᠠᠰᠤᠨ ᠤ ᠶᠤᠸᠠᠨ ᠵᠢᠶᠠ ᠼᠦᠨ ᠲᠣᠰᠬᠤᠨ ᠳᠤ ᠬᠦᠷᠴᠦ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠲᠡᠤᠬᠡ ᠪᠠ ᠡᠵᠡᠩᠨᠡᠯᠲᠡ ᠶᠢᠨ ᠵᠠᠭᠪᠤᠷ ᠢ ᠰᠢᠨᠵᠢᠯᠡᠨ ᠪᠠᠶᠢᠴᠠᠭᠠᠵᠤ᠂ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠨ ᠂ ᠬᠥᠭᠵᠢᠯᠲᠡ ᠶᠢᠨ ᠰᠡᠳᠬᠢᠮᠵᠢ ᠪᠠᠨ ᠥᠷᠭᠡᠳᠬᠡᠵᠦ᠂ ᠬᠠᠷᠠᠴᠢᠨ ᠬᠤᠰᠢᠭᠤᠨ ᠤ ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠣᠷᠣᠨ ᠪᠠ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠶᠢ ᠲᠦᠷᠭᠡᠨ ᠪᠠᠶᠢᠭᠤᠯᠬᠤ ᠳᠤ ᠬᠦᠴᠦᠨ ᠴᠢᠳᠠᠯ ᠬᠤᠷᠠᠮᠳᠤᠭᠤᠯᠤᠨ ᠣᠯᠭᠤᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ ᠪᠣᠯᠤᠨ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠹᠠᠩ ᠷᠦᠢ ᠤᠷᠢᠳ ᠬᠤᠵᠢᠳ ᠲᠣᠰᠬᠤᠨ ᠤ ᠲᠡᠦᠬᠡ ᠰᠤᠶᠤᠯ ᠤᠨ ᠣᠷᠳᠣᠨ᠂ ᠲᠣᠰᠬᠤᠨ ᠤ ᠶᠡᠷᠦᠩᠬᠡᠢ ᠰᠠᠯᠪᠤᠷᠢ ᠵᠢᠭᠰᠠᠭᠠᠯ ᠤᠨ ᠭᠠᠵᠠᠷ᠂ ᠤᠨᠴᠠᠯᠢᠬᠳᠤ ᠵᠢᠵᠢᠭ ᠢᠳᠡᠭᠡᠨ ᠤ ᠵᠡᠭᠡᠯᠢ ᠳᠤ ᠬᠦᠷᠴᠦ᠂ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠠᠰᠠᠭᠤᠵᠤ᠂ ᠲᠣᠰᠬᠤᠨ ᠤ ᠲᠦᠢᠮᠣ ᠪᠠᠶᠢᠳᠠᠯ᠂ ᠪᠦᠬᠦᠯᠢ ᠴᠣᠭᠴᠠ ᠶᠢᠨ ᠲᠥᠯᠥᠪᠵᠢᠭᠦᠯᠭᠡ ᠵᠢᠴᠢ ᠰᠣᠶᠣᠯ ᠤᠨ ᠥᠪ ᠤᠨ ᠬᠠᠮᠠᠭᠠᠯᠠᠯᠲᠠ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠹᠠᠩ ᠷᠦᠢ ᠴᠢᠬᠤᠯᠠᠴᠢᠯᠠᠭᠰᠠᠨ ᠨᠢ᠂ ᠶᠤᠸᠠᠨ ᠵᠢᠶᠠ ᠽᠦᠨ ᠲᠣᠰᠬᠤᠨ ᠤ ᠠᠮᠵᠢᠯᠲᠠ ᠲᠠᠢ ᠨᠡᠭᠡᠭᠡᠨ ᠬᠥᠭᠵᠢᠭᠦᠯᠦᠯᠲᠡ ᠪᠠ ᠡᠵᠡᠩᠨᠡᠯᠲᠡ ᠨᠢ ᠮᠠᠨ ᠤ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠳᠤ ᠮᠠᠰᠢ ᠰᠠᠶᠢᠨ ᠵᠢᠱᠢᠶ᠎ᠡ ᠦᠵᠡᠭᠦᠯᠬᠦ ᠪᠠ ᠯᠠᠪᠯᠠᠯᠲᠠ ᠬᠠᠩᠭᠠᠪᠠ᠃ ᠪᠢᠳᠡ ᠶᠤᠸᠠᠨ ᠵᠢᠶᠠ ᠼᠦᠨ ᠲᠣᠰᠬᠤᠨ ᠤ ᠬᠥᠳᠡᠭᠡ ᠲᠣᠰᠬᠤᠨ ᠤ ᠵᠤᠭᠠᠴᠠᠯ᠂ ᠠᠵᠤ ᠦᠢᠯᠡᠰ ᠤᠨ ᠪᠤᠶᠢᠵᠢᠭᠤᠯᠤᠯᠲᠠ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠪᠠ ᠰᠡᠳᠬᠢᠴᠡ ᠠᠷᠭ᠎ᠠ ᠬᠡᠮᠵᠢᠶ᠎ᠡ ᠶᠢ ᠭᠦᠢᠴᠡᠳ ᠰᠤᠷᠤᠯᠴᠠᠨ ᠲᠣᠯᠢ ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠡᠭᠡᠭᠡᠨ ᠠᠰᠢᠭᠯᠠᠵᠤ᠂ ᠮᠠ ᠠᠨ ᠱᠠᠨ ᠤ ᠦᠵᠡᠮᠵᠢ ᠶᠢᠨ ᠣᠷᠣᠨ᠂ ᠢᠦᠶ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠸᠠᠩ ᠤᠨ ᠣᠷᠳᠣᠨ ᠤ ᠲᠡᠦᠬᠡ ᠰᠣᠶᠣᠯ ᠤᠨ ᠨᠡᠷᠡᠲᠦ ᠪᠠᠯᠭᠠᠰᠤ᠂ ᠯᠸᠢ ᠵᠢᠶᠠ ᠢᠩᠽᠢ ᠲᠣᠰᠬᠤᠨ᠂ ᠰᠠᠨ ᠵᠢᠶᠠ ᠲᠣᠰᠬᠤᠨ ᠵᠡᠷᠭᠡ ᠦᠵᠡᠮᠵᠢ ᠶᠢᠨ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠰᠢᠨ᠎ᠡ ᠰᠣᠷᠭᠤᠭ ᠬᠠᠷᠠᠴᠢᠨ · ᠡᠷᠡᠭᠦᠯ ᠡᠩᠬᠡ ᠠᠮᠢ ᠠᠬᠤᠶ ᠶᠢᠨ ᠵᠢᠭᠤᠯᠴᠢᠯᠠᠯ︾ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠢᠨ᠎ᠡ ᠬᠠᠭᠤᠳᠠᠰᠤ ᠶᠢ ᠲᠦᠷᠭᠡᠨ ᠪᠢᠴᠢᠭᠯᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号