ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠸᠡᠩ ᠰᠢᠶᠥ ᠶᠥᠦ ᠬᠠᠷᠠᠴᠢᠨ ᠬᠤᠰᠢᠭᠤᠨ ᠳᠤ ᠬᠦᠷᠴᠦ ᠭᠠᠩ ᠲᠠᠢ ᠲᠡᠮᠡᠴᠡᠵᠦ ᠤᠰᠤ ᠬᠠᠩᠭᠠᠬᠤ ᠶᠢ ᠪᠠᠲᠤᠯᠠᠬᠤ ᠪᠠ ᠤᠰᠤ ᠤᠮᠳᠠ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/25
     7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠸᠡᠩ ᠰᠢᠶᠥ ᠶᠥᠦ ᠬᠠᠷᠠᠴᠢᠨ ᠬᠤᠰᠢᠭᠤᠨ ᠳᠤ ᠬᠦᠷᠴᠦ ᠭᠠᠩ ᠲᠠᠢ ᠲᠡᠮᠡᠴᠡᠵᠦ ᠤᠰᠤ ᠬᠠᠩᠭᠠᠬᠤ ᠶᠢ ᠪᠠᠲᠤᠯᠠᠬᠤ ᠪᠠ ᠤᠰᠤ ᠤᠮᠳᠠ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠹᠦ᠋ ᠱᠸᠦ ᠯᠢ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠢᠦᠶ ᠱᠢ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠱᠸᠡᠩ ᠰᠢᠶᠥ ᠶᠥᠦ ᠤᠷᠢᠳ ᠬᠤᠵᠢᠳ ᠨᠢᠦ ᠵᠢᠶᠠ ᠢᠩᠽᠢ ᠪᠠᠯᠭᠠᠰᠤᠨ ᠤ ᠱᠠᠨ ᠴᠢᠶᠠᠨ ᠲᠣᠰᠬᠤᠨ ᠪᠣᠯᠤᠨ ᠲᠢᠶᠧ ᠭᠸᠤ ᠮᠧᠨ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠠᠴᠢᠮ ᠪᠠᠶᠢᠳᠠᠯ ᠢ ᠠᠷᠭᠠᠴᠠᠬᠤ ᠤᠰᠤᠨ ᠤ ᠡᠬᠢ ᠰᠤᠷᠪᠤᠯᠵᠢ ᠶᠢᠨ ᠪᠦᠳᠦᠭᠡᠨ ᠪᠠᠶᠢᠭᠤᠯᠤᠯᠲᠠ ᠵᠢᠴᠢ ᠤᠰᠤ ᠬᠠᠩᠭᠠᠬᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠰᠤᠨ ᠤ ᠬᠡᠮᠵᠢᠶ᠎ᠡ᠂ ᠤᠰᠤᠨ ᠤ ᠴᠢᠨᠠᠷ ᠵᠡᠷᠭᠡ ᠪᠠᠶᠢᠳᠠᠯ ᠤᠨ ᠲᠤᠬᠠᠢ ᠲᠣᠰᠬᠤᠨ ᠤ ᠠᠷᠠᠳ ᠲᠠᠢ ᠶᠠᠷᠢᠯᠴᠠᠵᠤ᠂ ᠭᠠᠩ ᠲᠠᠢ ᠲᠡᠮᠡᠴᠡᠵᠦ ᠤᠰᠤ ᠬᠠᠩᠭᠠᠬᠤ ᠶᠢ ᠪᠠᠲᠤᠯᠠᠬᠤ ᠠᠵᠢᠯ ᠢ ᠲᠤᠬᠠᠢ ᠶᠢᠨ ᠭᠠᠵᠠᠷ ᠲᠤᠨᠢ ᠵᠢᠯᠣᠭᠤᠳᠪᠠ᠃     ᠱᠸᠡᠩ ᠰᠢᠶᠥ ᠶᠥᠦ ᠴᠢᠬᠤᠯᠠᠴᠢᠯᠠᠬᠤ ᠳᠠᠭᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠠᠮᠢᠳᠤᠷᠠᠯ ᠳᠤ ᠬᠡᠷᠡᠭᠯᠡᠬᠦ ᠤᠰᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠤᠨ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠳᠣᠭᠢᠷᠠᠭᠤᠯᠬᠤ ᠪᠠ ᠵᠦᠶ ᠵᠣᠬᠢᠰᠲᠠᠶ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠮᠦᠨ ᠮᠠᠯ ᠤᠨ ᠬᠡᠷᠡᠭᠯᠡᠬᠦ ᠤᠰᠤ ᠪᠠ ᠲᠠᠷᠢᠶᠠᠨ ᠭᠠᠵᠠᠷ ᠤᠨ ᠤᠰᠤᠯᠠᠯᠲᠠ ᠶᠢᠨ ᠬᠡᠷᠡᠭᠴᠡᠭᠡ ᠶᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠤᠷᠢᠳᠴᠢᠯᠠᠨ ᠪᠡᠯᠡᠳᠬᠡᠵᠦ᠂ ︽ᠤᠷᠢᠳᠴᠢᠯᠠᠬᠤ︾ ᠶᠢ ᠲᠡᠷᠢᠭᠦᠨ ᠳᠤ ᠲᠠᠯᠪᠢᠵᠤ᠂ ︽ᠪᠣᠳᠠᠲᠠᠢ︾ ᠶᠢ ᠪᠠᠲᠤᠯᠠᠬᠤ ᠶᠢ ᠪᠡᠶᠡᠯᠡᠭᠦᠯᠵᠦ᠂ ᠠᠷᠭᠠᠴᠠᠬᠤ ᠲᠥᠰᠦᠯ ᠢ ᠡᠷᠲᠡᠬᠡᠨ ᠰᠤᠳᠤᠯᠤᠨ ᠨᠠᠶᠢᠳᠠᠪᠤᠷᠢᠵᠢᠭᠤᠯᠵᠤ᠂ ᠭᠠᠩ ᠲᠠᠢ ᠲᠡᠮᠡᠴᠡᠵᠦ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ ᠬᠥᠳᠡᠭᠡ ᠲᠣᠰᠬᠤᠨ ᠤ ᠬᠥᠮᠦᠨ ᠮᠠᠯ ᠤᠨ ᠤᠰᠤ ᠤᠮᠳᠠ ᠶᠢᠨ ᠠᠮᠤᠷ ᠲᠦᠪᠰᠢᠨ ᠤ ᠠᠵᠢᠯ ᠢ ᠨᠡᠩ ᠰᠠᠶᠢᠲᠤᠷ ᠬᠢᠵᠦ᠂ ᠤᠰᠤ ᠤᠮᠳᠠ ᠶᠢᠨ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ︽ᠡᠴᠦᠰ ᠤᠨ ᠨᠢᠭᠡ ᠮᠧᠲᠷ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠬᠠᠮᠠᠭᠠᠯᠠᠵᠤ᠂ ᠤᠯᠠᠨ ᠲᠦᠮᠡᠨ ᠳᠤ ᠴᠡᠪᠡᠷ ᠤᠰᠤ᠂ ᠠᠮᠤᠷ ᠲᠦᠪᠰᠢᠨ ᠤᠰᠤ᠂ ᠰᠠᠨᠠᠭ᠎ᠠ ᠠᠮᠤᠷ ᠤᠰᠤ ᠤᠤᠭᠤᠯᠭᠠᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号