ᠬᠠᠷᠠᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠣᠶᠣᠯ ᠵᠤᠭᠠᠴᠠᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/7/25
     7 ᠰᠠᠷ᠎ᠠ ᠶᠢᠨ 25 ᠤ ᠡᠳᠦᠷ᠂ ᠬᠠᠷᠠᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠸᠠᠩ ᠤᠨ ᠣᠷᠳᠣᠨ ᠤ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠾᠧ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠶ ᠰᠢᠨ᠂ ᠨᠠᠷᠠᠲᠤ ᠲᠣᠭᠯᠠᠭᠴᠢ᠂ ᠺᠢᠨᠣ᠋ ᠦᠢᠯᠡᠳᠦᠭᠴᠢ᠂ ᠬᠠᠷᠠᠴᠢᠨ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ ᠰᠠᠶᠢᠳ ᠯᠢ ᠹᠧᠩ ᠮᠢᠩ᠂ ᠹᠠᠩ ᠷᠦᠢ᠂ ᠵᠣᠣ ᠶᠠᠨ ᠬᠤᠩ᠂ ᠮᠠ ᠵᠢᠩ ᠬᠤᠸᠠ᠂ ᠵᠠᠩ ᠬᠤᠸᠠ ᠵᠡᠷᠭᠡ ᠬᠤᠰᠢᠭᠤᠨ ᠲᠠᠰ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠬᠤᠷᠠᠯ ᠡᠷᠭᠢᠯᠡᠪᠡ      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠠᠶᠠᠷ ᠤᠨ ᠦᠭᠡ ᠬᠡᠯᠡᠬᠦ ᠳᠡᠭᠡᠨ᠂ ᠪᠢᠳᠡ ᠮᠥ᠋ ᠨᠠᠨ ᠡᠷᠲᠡᠨ ᠤ ᠪᠠᠯᠭᠠᠰᠤᠨ ᠳᠤ ᠪᠣᠯᠵᠣᠵᠤ᠂ ᠸᠠᠩ ᠤᠨ ᠣᠷᠳᠣᠨ ᠤ ᠰᠢᠨ᠎ᠡ ᠠᠢᠵᠢᠮ ᠢ ᠬᠠᠮᠲᠤ ᠪᠠᠷ ᠰᠤᠨᠢᠷᠬᠠᠵᠤ᠂ ︽ᠬᠠᠷᠠᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ︾ ᠤᠨ ᠦᠪᠡᠳᠡᠭᠰᠢ ᠶᠡᠭᠡ ᠪᠡᠷ ᠡᠬᠢᠯᠡᠪᠠ᠃ ᠰᠠᠷ᠎ᠠ ᠬᠠᠭᠠᠰ ᠤᠨ ᠬᠤᠭᠤᠴᠠᠭ᠎ᠠ ᠲᠠᠢ ᠬᠠᠷᠠᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠣᠶᠣᠯ ᠵᠤᠭᠠᠴᠠᠯ ᠤᠨ ᠪᠠᠶᠠᠷ ᠲᠣᠭᠲᠠᠭᠰᠠᠨ ᠴᠠᠭ ᠲᠠᠭᠠᠨ ᠬᠦᠷᠴᠦ ᠢᠷᠡᠵᠦ ᠂ ᠬᠤᠷᠢᠨ ᠲᠠᠯᠠᠪᠤᠷ ᠲᠤᠰᠬᠠᠶ ᠰᠡᠳᠦᠪᠲᠦ ᠠᠵᠢᠯᠯᠠᠭ᠎ᠠ ᠵᠠᠯᠭᠠᠭ᠎ᠠ ᠪᠠᠷ ᠶᠠᠪᠤᠭᠳᠠᠵᠤ᠂ ᠪᠥᠬᠦ ᠲᠠᠯ᠎ᠠ ᠪᠠᠷ᠂ ᠣᠯᠠᠨ ᠬᠠᠷᠠᠭᠠᠰᠤ ᠂ ᠥᠷᠭᠡᠨ ᠬᠡᠪᠴᠢᠶ᠎ᠡ ᠪᠡᠷ ᠪᠦᠬᠦ ᠬᠤᠰᠢᠭᠤᠨ ᠤ ᠡᠯᠪᠡᠭ ᠪᠠᠶᠠᠯᠢᠭ ᠤᠯᠠᠨ ᠶᠠᠩᠵᠤ ᠶᠢᠨ ᠵᠢᠭᠤᠯᠴᠢᠯᠠᠯ ᠤᠨ ᠦᠢᠯᠡᠰ ᠦᠨ ᠪᠠᠢᠳᠠᠯ ᠢ ᠳᠡᠯᠭᠡᠨ ᠦᠵᠡᠭᠦᠯᠵᠦ ᠂ ᠪᠢᠳᠡ ᠥᠷᠭᠡᠨ ᠣᠯᠠᠨ ᠵᠤᠭᠠᠴᠠᠭᠴᠢ᠂ ᠡᠯ᠎ᠡ ᠡᠲᠡᠭᠡᠳ ᠤᠨ ᠨᠠᠶᠢᠵᠠ ᠨᠠᠷ ᠢ ᠤᠷᠢᠵᠤ᠂ ᠭᠦᠨ ᠵᠤᠵᠠᠭᠠᠨ ᠰᠣᠶᠣᠯ ᠤᠨ ᠠᠭᠤᠯᠬᠤᠨ ᠲᠠᠢ᠂ ᠥᠪᠡᠷᠮᠢᠴᠡ ᠷᠢᠳᠢ ᠰᠢᠳᠢ ᠲᠠᠢ ᠠᠷᠠᠳ ᠤᠨ ᠵᠠᠩ ᠦᠢᠯᠡ ᠶᠢ ᠮᠡᠳᠡᠷᠡᠭᠦᠯᠬᠦ ᠪᠤᠯᠤᠨ᠎ᠠ᠃ ᠪᠢᠳᠡ ᠪᠠᠰᠠ ᠡᠨᠡ ᠤᠳᠠᠭᠠᠨ ᠤ ᠦᠪᠡᠳᠡᠭᠰᠢ ᠬᠤᠷᠠᠯ ᠢ ᠰᠠᠶᠢᠲᠤᠷ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ︽ᠰᠢᠨ᠎ᠡ ᠰᠡᠪᠡᠬᠦᠨ ᠬᠠᠷᠠᠴᠢᠨ᠂ ᠡᠷᠡᠭᠦᠯ ᠡᠩᠬᠡ ᠠᠮᠢ ᠠᠬᠤᠶ ᠶᠢᠨ ᠵᠢᠭᠤᠯᠴᠢᠯᠠᠯ︾ ᠭᠡᠬᠦ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠤᠯᠤᠰ ᠤᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠪᠠᠷ ᠶᠡᠷᠦᠩᠬᠡᠶ ᠬᠠᠷᠠᠯᠲᠠ ᠪᠣᠯᠭᠠᠵᠤ᠂ ᠭᠤᠣᠯ ᠦᠵᠡᠮᠵᠢ ᠶᠢᠨ ᠣᠷᠣᠨ ᠢ ᠦᠷᠭᠦᠯᠵᠢᠯᠡᠨ ᠬᠦᠴᠦᠷᠬᠡᠭᠵᠢᠭᠦᠯᠵᠦ᠂ ᠰᠤᠳᠤᠯᠤᠨ ᠰᠤᠷᠤᠯᠴᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠦᠴᠦ ᠪᠠᠨ ᠲᠥᠪᠯᠡᠷᠡᠭᠦᠯᠦᠨ ᠰᠣᠶᠣᠯ ᠵᠢᠭᠤᠯᠴᠢᠯᠠᠯ ᠤᠨ ᠤᠨᠴᠠᠯᠢᠬᠳᠤ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠪᠣᠶ ᠪᠣᠯᠭᠠᠵᠤ᠂ ᠰᠣᠶᠣᠯ ᠤᠨ ᠦᠨ᠎ᠡ ᠥᠷᠲᠡᠭ ᠢ ᠭᠦᠢᠴᠡᠳ ᠢᠯᠡᠷᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠡᠴᠠ ᠠᠯᠲᠠ ᠮᠥᠩᠭᠦ ᠭᠠᠷᠤᠨ᠎ᠠ᠂ ᠰᠣᠶᠣᠯ ᠵᠢᠭᠤᠯᠴᠢᠯᠠᠯ ᠤᠨ ᠦᠢᠯᠡᠰ ᠢ ᠤᠨᠴᠠᠯᠢᠬᠳᠤ ᠠᠵᠤ ᠦᠢᠯᠡᠰ ᠪᠤᠯᠭᠠᠨ᠎ᠠ ᠂ ᠳᠠᠪᠠᠭᠤᠯᠢᠭ ᠠᠵᠤ ᠦᠢᠯᠡᠰ ᠪᠠ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠨ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠠᠢ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠠᠷᠠᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠣᠶᠣᠯ ᠵᠤᠭᠠᠴᠠᠯ ᠤᠨ ᠨᠠᠶᠢᠷ ᠡᠬᠢᠯᠡᠭᠰᠡᠨ ᠢ ᠵᠠᠷᠯᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠸᠠᠩ ᠤᠨ ᠣᠷᠳᠣᠨ ᠤ ᠢᠷᠠᠭᠤ ᠬᠥᠭᠵᠢᠮ᠂ ᠸᠠᠩ ᠤᠨ ᠣᠷᠳᠣᠨ ᠤ ᠬᠤᠪᠴᠠᠰᠤ ᠵᠠᠰᠠᠯ ︽ᠸᠠᠩ ᠤᠨ ᠣᠷᠳᠣᠨ ᠤ ᠦᠪᠡᠳᠡᠭᠰᠢ ᠶᠣᠰᠣᠯᠠᠯ︾ ᠨᠢ ᠸᠠᠩ ᠤᠨ ᠣᠷᠳᠣᠨ ᠤ ᠬᠥᠭᠵᠢᠮ ᠪᠠ ᠬᠤᠪᠴᠠᠰᠤ ᠵᠠᠰᠠᠯ ᠢᠶᠠᠷ ᠳᠡᠮᠵᠢᠨ ᠸᠠᠩ ᠤᠨ ᠣᠷᠳᠣᠨ ᠤ ᠭᠦᠨ ᠵᠤᠵᠠᠭᠠᠨ ᠲᠡᠤᠬᠡ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠡᠶ᠃ ᠦᠵᠡᠭᠳᠡᠯᠲᠦ ᠳᠠᠭᠤᠤ ᠪᠥᠵᠢᠭ ᠬᠦᠷᠭᠡᠵᠦ᠂ ︽ᠯᠢ ᠹᠤᠩ ᠮᠢᠩ ᠬᠠᠷᠠᠴᠢᠨ ᠳᠤ ᠠᠯᠬᠤᠨ ᠤᠷᠤᠭᠰᠠᠨ ᠨᠢ︾ ᠭᠡᠬᠦ ᠣᠬᠤᠷ ᠹᠢᠯᠢᠮ ᠤᠨ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ ᠰᠠᠶᠢᠳ ᠯᠢ ᠹᠤᠩ ᠮᠢᠩ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠬᠠᠷᠠᠴᠢᠨ ᠢ ᠲᠠᠨᠢᠯᠴᠠᠭᠤᠯᠵᠤ᠂ ᠬᠠᠷᠠᠴᠢᠨ ᠤ ᠦᠵᠡᠰᠬᠦᠯᠡᠩᠲᠦ ᠰᠠᠶᠢᠬᠠᠨ ᠦᠵᠡᠮᠵᠢ ᠶᠢ ᠳᠡᠯᠭᠡᠨ ᠦᠵᠡᠭᠦᠯᠪᠡ᠃     ᠰᠣᠶᠣᠯ ᠵᠤᠭᠠᠴᠠᠯ ᠤᠨ ᠪᠠᠶᠠᠷ ᠤᠨ ᠬᠤᠭᠤᠴᠠᠭᠠᠨ ᠳᠤ᠂ ᠸᠠᠩ ᠶᠧ ᠹᠦ᠋ ᠪᠠᠯᠭᠠᠰᠤ ᠶᠢᠨ ᠬᠢᠨ ᠳᠥᠷᠪᠡᠳᠦᠭᠡᠷ ᠬᠤᠭᠤᠴᠠᠭᠠᠨ ᠤ ᠰᠢᠷᠠᠭᠰᠠᠨ ᠮᠢᠬᠠᠨ ᠤ ᠤᠷᠤᠯᠳᠤᠭᠠᠨ ᠢ ᠶᠠᠪᠤᠭᠳᠠᠭᠤᠯᠵᠠᠢ᠃ ᠡᠨᠡ ᠵᠢᠯ ᠤᠨ ᠰᠢᠷᠠᠭᠰᠠᠨ ᠮᠢᠬᠠᠨ ᠤ ᠤᠷᠤᠯᠳᠤᠭᠠᠨ ᠳᠤ ᠵᠢᠭᠠᠰᠤᠨ ᠮᠢᠬ᠎ᠠ ᠪᠠᠷ ᠭᠤᠤᠯᠯᠠᠭᠤᠯᠵᠤ᠂ ᠰᠢᠷᠠᠭᠰᠠᠨ ᠵᠢᠭᠠᠰᠤᠨ ᠤ ᠮᠢᠬᠠᠨ ᠤ ᠵᠦᠢᠯ ᠪᠠ ᠰᠢᠷᠠᠭᠰᠠᠨ ᠲᠡᠯᠡᠶ ᠶᠢᠨ ᠢᠳᠡᠭᠡᠨ ᠤ ᠰᠢᠨ᠎ᠡ ᠶᠢ ᠡᠭᠦᠳᠬᠦ ᠲᠥᠷᠥᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠲᠣᠰ ᠲᠣᠰ ᠲᠣᠬᠢᠷᠠᠭᠤᠯᠵᠤ᠂ ᠨᠡᠶᠢᠲᠡ ᠠᠷᠪᠠᠨ ᠬᠤᠶᠠᠷ ᠲᠠᠷᠢᠶᠠᠴᠢᠨ ᠠᠶᠢᠯ ᠤᠨ ᠬᠤᠭᠤᠯᠠᠨ ᠭᠡᠷ ᠤᠷᠤᠯᠳᠤᠭᠠᠨ ᠳᠤ ᠣᠷᠣᠯᠴᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号