ᠬᠠᠷᠠᠴᠢᠨ ᠬᠣᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠸᠠᠩ ᠤᠨ ᠣᠷᠳᠣᠨ ᠤ ᠲᠣᠮᠢᠯᠠᠭᠰᠠᠨ ᠰᠠᠯᠪᠤᠷᠢ ︽ᠰᠤᠷᠭᠠᠭᠤᠯᠢᠯᠠᠯ ᠢᠶᠠᠷ ᠳᠠᠶᠢᠨ ᠦ ᠰᠡᠷᠭᠡᠶᠢᠯᠡᠯᠲᠡ ᠶᠢ ᠠᠬᠢᠭᠤᠯᠵᠤ ᠂ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/27
     ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠦ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠡᠬᠢᠵᠢᠭᠦᠯᠵᠦ ᠂ ᠥᠷᠭᠡᠨ ᠣᠯᠠᠨ ᠪᠠᠭᠰᠢ ᠰᠣᠷᠣᠭᠴᠢ ᠵᠢᠴᠢ ᠠᠮᠤᠷ ᠢ ᠬᠠᠮᠠᠭᠠᠯᠠᠭᠴᠢ ᠶᠢᠨ ᠰᠦᠷᠳᠡᠭᠦᠯᠦᠯ ᠢ ᠰᠡᠷᠭᠡᠶᠢᠯᠡᠬᠦ ᠂ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ ᠂ ᠰᠤᠷᠭᠠᠭᠤᠯᠢ ᠶᠢᠨ ᠬᠦᠷᠢᠶᠡᠨ ᠦ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠠᠮᠤᠷ ᠲᠦᠪᠰᠢᠨ ᠂ ᠡᠶ᠎ᠡ ᠵᠣᠬᠢᠴᠠᠯ ᠲᠠᠶ ᠰᠤᠷᠭᠠᠭᠤᠯᠢ ᠶᠢᠨ ᠬᠦᠷᠢᠶᠡᠨ ᠦ ᠣᠷᠴᠢᠨ ᠲᠣᠭᠣᠷᠢᠨ ᠢ ᠪᠣᠶ  ᠪᠤᠯᠭᠠᠬᠤ ᠶᠢᠨ ᠲᠦᠯᠦᠭᠡ᠂ ᠣᠶᠢᠷ᠎ᠠ ᠳᠤ ᠬᠠᠷᠠᠴᠢᠨ ᠬᠣᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠸᠠᠩ ᠤᠨ ᠣᠷᠳᠣᠨ ᠤ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠪᠠᠨ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠦ ᠬᠦᠷᠴᠦ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠶᠢ ᠢᠳᠡᠪᠬᠢᠲᠡᠶ ᠥᠷᠨᠢᠭᠦᠯᠵᠦ ᠂ ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠦ ᠰᠡᠷᠭᠡᠶᠢᠯᠡᠯᠲᠡ ᠶᠢᠨ ᠱᠤᠭᠤᠮ ᠢ ᠪᠡᠬᠢᠵᠢᠭᠦᠯᠪᠡ ᠃      ᠰᠣᠷᠢᠯᠲᠠ ᠶᠢᠨ ᠡᠮᠦᠨᠡᠬᠢ ᠬᠤᠭᠤᠴᠠᠭᠠᠨ ᠳᠤ ᠂ ᠠᠷᠠᠳ ᠤᠨ ᠴᠠᠭᠳᠠᠭ᠎ᠠ ᠪᠣᠯᠤᠨ ᠰᠤᠷᠭᠠᠭᠤᠯᠢ ᠶᠢᠨ ᠲᠠᠯ᠎ᠠ ᠶᠢᠨ ᠬᠢᠨ ᠲᠤᠰ ᠤᠳᠠᠭᠠᠨ ᠤ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠰᠣᠷᠢᠯᠲᠠ ᠶᠢᠨ ᠨᠠᠷᠢᠨ ᠲᠥᠰᠦᠯ ᠢ ᠶᠠᠷᠢᠯᠴᠠᠨ ᠲᠣᠭᠲᠠᠭᠠᠵᠤ ᠂ ᠰᠣᠷᠢᠯᠲᠠ ᠶᠢᠨ ᠦᠶ᠎ᠡ ᠶᠢᠨ ᠪᠠᠶᠢᠳᠠᠯ ᠂ ᠲᠠᠯᠠᠪᠤᠷ ᠂ ᠬᠥᠮᠦᠰ ᠵᠢᠴᠢ ᠰᠣᠷᠢᠯᠲᠠ ᠶᠢᠨ ᠠᠯᠬᠤᠮ ᠳᠠᠷᠠᠭ᠎ᠠ ᠳᠤ ᠨᠠᠷᠢᠨ ᠪᠠᠶᠢᠷᠢᠯᠠᠭᠤᠯᠤᠯᠲᠠ ᠬᠢᠵᠦ ᠂ ᠲᠤᠬᠠᠶ ᠶᠢᠨ ᠲᠠᠯᠠᠪᠤᠷ ᠲᠤ ᠰᠤᠷᠭᠠᠭᠤᠯᠢ ᠶᠢᠨ ᠬᠦᠷᠢᠶᠡᠨ ᠦ ᠠᠮᠤᠷ ᠢ ᠬᠠᠮᠠᠭᠠᠯᠠᠬᠤ ᠠᠵᠢᠯᠲᠠᠨ ᠵᠢᠴᠢ ᠪᠠᠭᠰᠢ ᠠᠵᠢᠯᠲᠠᠨ ᠳᠤ ᠴᠠᠭᠳᠠᠭᠠᠨ ᠤ ᠪᠠᠭᠠᠵᠢ ᠲᠣᠨᠣᠭᠯᠠᠯ ᠢ ᠵᠢᠷᠤᠮᠵᠢᠭᠤᠯᠤᠨ ᠬᠡᠷᠡᠭᠯᠡᠬᠦ ᠠᠷᠭ᠎ᠠ ᠵᠢᠴᠢ ᠭᠡᠨᠡᠳᠲᠡ ᠶᠢᠨ ᠬᠡᠷᠡᠭ ᠲᠣᠬᠢᠶᠠᠯᠳᠤᠬᠤ ᠦᠶ᠎ᠡ ᠶᠢᠨ ᠵᠠᠷᠢᠮ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠷᠭ᠎ᠠ ᠪᠠ ᠤᠷ᠎ᠠ ᠴᠢᠳᠠᠪᠤᠷᠢ ᠶᠢ ᠲᠠᠶᠢᠯᠪᠤᠷᠢᠯᠠᠨ ᠥᠭᠬᠦ ᠶᠢᠨ ᠬᠠᠮᠲᠤ ᠠᠮᠤᠷ ᠢ ᠬᠠᠮᠠᠭᠠᠯᠠᠬᠤ ᠠᠩᠭᠢ ᠶᠢᠨ ᠬᠢᠨ ᠰᠤᠷᠭᠠᠭᠤᠯᠢ ᠶᠢᠨ ᠬᠦᠷᠢᠶᠡᠨ ᠦ ᠣᠶᠢᠷᠠᠯᠴᠠᠭ᠎ᠠ ᠦᠯᠡᠳᠡᠵᠦ ᠪᠠᠶᠢᠭ᠎ᠠ ︽ ᠰᠡᠵᠢᠭᠯᠡᠯᠲᠡᠶ ᠬᠥᠮᠦᠰ ︾ ᠢ ᠬᠡᠷᠬᠢᠨ ᠢᠯᠭᠠᠨ ᠲᠠᠨᠢᠬᠤ ᠵᠢᠴᠢ ᠬᠡᠷᠬᠢᠨ ᠬᠠᠮᠤᠭ ᠤᠨ ᠲᠦᠷᠭᠡᠨ ᠬᠤᠷᠳᠤᠴᠠ ᠪᠠᠷ ︽ ᠮᠠᠭᠤ ᠡᠲᠡᠭᠡᠳ ︾ ᠢ ᠨᠣᠮᠣᠬᠠᠳᠬᠠᠬᠤ ᠠᠷᠭ᠎ᠠ ᠬᠡᠮᠵᠢᠶ᠎ᠡ ᠶᠢ ᠵᠢᠭᠠᠵᠤ ᠥᠭᠭᠦᠭᠰᠡᠨ ᠪᠠᠶᠢᠨ᠎ᠠ ᠃      ᠲᠣᠰ ᠤᠳᠠᠭᠠᠨ ᠤ ᠰᠣᠷᠢᠯᠲᠠ ᠪᠠᠷ ᠳᠡᠮᠵᠢᠨ ᠂ ᠰᠤᠷᠭᠠᠭᠤᠯᠢ ᠳᠤ ᠪᠠᠶᠢᠭ᠎ᠠ ᠪᠠᠭᠰᠢ ᠰᠣᠷᠣᠭᠴᠢ ᠂ ᠠᠮᠤᠷ ᠢ ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠦ ᠤᠬᠠᠮᠰᠠᠷ ᠪᠠ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠂ ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠦ ᠬᠡᠮ ᠰᠣᠭᠣᠭ ᠢ ᠢᠳᠡᠪᠬᠢᠲᠡᠶ ᠪᠡᠷ ᠰᠡᠷᠭᠡᠶᠢᠯᠡᠨ ᠠᠷᠢᠯᠭᠠᠬᠤ ᠂ ᠰᠤᠷᠭᠠᠭᠤᠯᠢ ᠶᠢᠨ ᠬᠦᠷᠢᠶᠡᠨ ᠦ ᠡᠶ᠎ᠡ ᠵᠣᠬᠢᠴᠠᠯ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号