ᠾᠧᠨᠠᠨ ᠵᠡᠭᠡᠯᠢ ᠭᠤᠳᠤᠮᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/7/28
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠤᠬᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠬᠦᠬᠦ ᠢᠲᠡᠭᠡᠯ ᠵᠣᠷᠢᠭ ᠢ ᠪᠤᠶᠢᠵᠢᠭᠤᠯᠤᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠴᠤ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ ᠂ 7 ᠰᠠᠷ᠎ᠠ ᠶᠢᠨ 28 ᠤ ᠡᠳᠦᠷ᠂ ᠡᠾᠧᠨᠠᠨ ᠵᠡᠭᠡᠯᠢ ᠭᠤᠳᠤᠮᠵᠢ ᠶᠢᠨ ᠬᠢᠨ ︽ᠬᠤᠷᠢᠳᠤᠭᠠᠷ ᠶᠡᠭᠡ ᠬᠤᠷᠠᠯ ᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠪᠤᠷᠢᠯᠠᠵᠤ᠂ ᠡᠷᠴᠢ ᠵᠣᠷᠢᠭ ᠢᠶᠠᠨ ᠬᠥᠪᠴᠢᠯᠡᠨ ᠰᠢᠨ᠎ᠡ ᠬᠠᠭᠤᠳᠠᠰᠤ ᠶᠢ ᠪᠢᠴᠢᠭᠯᠡᠬᠦ︾ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠮᠡᠳᠡᠯᠭᠡ ᠶᠢᠨ ᠤᠷᠤᠯᠳᠤᠭᠠᠨ ᠢ ᠶᠠᠪᠤᠭᠳᠠᠭᠤᠯᠵᠠᠢ᠃ ᠬᠠᠷᠢᠶᠠᠨ ᠳᠠᠬᠢ 6 ᠨᠡᠶᠢᠭᠡᠮ ᠲᠣᠭᠤᠷᠢᠭ᠂ 6 ᠵᠠᠰᠠᠭ ᠵᠠᠬᠢᠷᠭᠠᠨ ᠤ ᠲᠣᠰᠬᠤᠨ᠂ ᠨᠡᠶᠢᠳᠡ 12 ᠲᠥᠯᠥᠭᠡᠯᠡᠭᠴᠢᠳ ᠤᠨ ᠠᠩᠬᠢ ᠤᠷᠤᠯᠳᠤᠭᠠᠨ ᠳᠤ ᠣᠷᠣᠯᠴᠠᠪᠠ᠃ ᠵᠡᠭᠡᠯᠢ ᠭᠤᠳᠤᠮᠵᠢ ᠶᠢᠨ ᠪᠦᠬᠦ ᠤᠳᠤᠷᠢᠳᠬᠤ ᠪᠠᠭ ᠤᠨ ᠪᠦᠷᠢᠯᠳᠦᠬᠦᠨ ᠠᠵᠢᠯᠯᠠᠭ᠎ᠠ ᠳᠤ ᠣᠷᠣᠯᠴᠠᠵᠤ᠂ ᠨᠠᠮ ᠤᠨ ᠠᠵᠢᠯᠯᠠᠬᠤ ᠬᠤᠷᠢᠶ᠎ᠡ ᠶᠢᠨ ᠱᠦᠵᠢ ᠵᠧᠦ ᠶᠠ ᠬᠤᠢ ᠨᠥᠬᠦᠷ ᠬᠤᠷᠠᠯ ᠡᠬᠢᠯᠡᠬᠦ ᠦᠭᠡ ᠬᠡᠯᠡᠪᠡ᠃     ᠤᠷᠤᠯᠳᠤᠭᠠᠨ ᠳᠦ ᠡᠬᠢᠯᠡᠯᠲᠡ ᠲᠡᠭᠦᠰᠬᠡᠯ ᠲᠠᠢ ᠪᠠᠢᠵᠤ᠂  ᠬᠠᠷᠢᠨ ᠰᠤᠷᠤᠯᠴᠠᠯᠭ᠎ᠠ ᠪᠤᠯ ᠬᠢᠵᠠᠭᠠᠷ ᠦᠭᠡᠶ ᠪᠠᠶᠢᠳᠠᠭ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠶᠢᠨ ᠤᠷᠮ᠎ᠠ ᠪᠠᠨ ᠦᠷᠭᠦᠯᠵᠢᠯᠡᠨ ᠪᠠᠷᠢᠮᠲᠠᠯᠠᠵᠤ᠂ ᠡᠳᠦᠷ ᠲᠤᠲᠤᠮ ᠤᠨ ᠠᠮᠢᠳᠤᠷᠠᠯ ᠳᠠᠭᠠᠨ ᠠᠭᠤᠰᠤᠯᠴᠠᠭᠤᠯᠤᠨ᠂ ᠳᠠᠳᠬᠠᠯ ᠲᠠᠢ ᠪᠣᠯᠭᠠᠵᠤ᠂ ᠦᠨᠡᠨᠬᠦ ᠨᠠᠮ ᠤᠨ ᠣᠨᠣᠯ ᠤᠨ ᠰᠢᠨ᠎ᠡ ᠡᠭᠦᠳᠦᠯᠲᠡ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠤᠱᠯᠠᠭᠤᠯᠤᠨ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠎ᠠ ᠭᠡᠵᠦ ᠵᠠᠯᠭᠠᠭ᠎ᠠ ᠪᠠᠷ ᠢᠯᠡᠷᠬᠡᠶᠢᠯᠡᠵᠦ ᠪᠠᠶᠢᠯ᠎ᠠ᠃ ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠪᠣᠯ ᠨᠢᠭᠡ ᠤᠳᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠰᠢᠯᠭᠠᠯᠲᠠ ᠮᠥᠨ᠂ ᠨᠠᠩ ᠴᠤ ᠨᠢᠭᠡ ᠤᠳᠠᠭᠠᠨ ᠤ ᠦᠵᠡᠯ ᠰᠠᠨᠠᠭᠠᠨ ᠤ ᠳᠠᠶᠢᠴᠢᠯᠠᠯᠲᠠ ᠮᠥᠨ᠂ ᠡᠨᠡ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠰᠡᠳᠬᠢᠬᠦᠶ ᠶᠢ ᠠᠬᠢᠭᠤᠯᠬᠤ᠂ ᠰᠡᠳᠬᠢᠬᠦᠶ ᠪᠠᠷ ᠬᠡᠷᠡᠭᠵᠢᠭᠦᠯᠬᠦ ᠶᠢ ᠠᠬᠢᠭᠤᠯᠬᠤ ᠰᠠᠶᠢᠨ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号