ᠬᠠᠷᠠᠴᠢᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2023 ᠣᠨ ᠤ 7 ᠳ᠋ᠤᠭᠠᠷ ᠤᠳᠠᠭᠠᠨ ᠤ ᠬᠤᠷᠠᠯ ᠵᠢᠴᠢ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 28 ᠤ ᠦᠳᠡ ᠶᠢᠨ ᠡᠮᠦᠨ᠎ᠡ᠂ ᠬᠠᠷᠠᠴᠢᠨ ᠬᠤᠰᠢᠭᠤᠨ ᠤ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ 2023 ᠣᠨ ᠤ 7 ᠳ᠋ᠤᠭᠠᠷ ᠤᠳᠠᠭᠠᠨ ᠤ ᠬᠤᠷᠠᠯ ᠵᠢᠴᠢ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ᠃ ᠳᠡᠳ᠋ ᠬᠤᠰᠢᠭᠤᠨ ᠳᠠᠷᠤᠭ᠎ᠠ ᠪᠢᠴᠢᠭᠲᠦ᠂ ᠸᠠᠩ ᠯᠢ ᠭᠦᠸᠧ᠂ ᠢ ᠰᠢᠤ ᠴᠢᠤᠸᠠᠨ᠂ ᠵᠤᠸᠠᠩ ᠸᠧᠨ ᠳ᠋ᠢ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠢ ᠡᠷᠭᠢᠯᠡᠵᠦ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃     ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠬᠦ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠂ ᠦᠶᠡᠷ ᠢ ᠰᠡᠷᠭᠡᠶᠢᠯᠡᠬᠦ ᠪᠡᠯᠡᠳᠬᠡᠯ ᠵᠢᠴᠢ ᠰᠢᠲᠠᠮᠠᠬᠠᠶ ᠬᠡᠶ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠢ ᠪᠠᠶᠢᠴᠠᠭᠠᠨ ᠴᠡᠭᠴᠡᠯᠡᠭᠰᠡᠨ ᠠᠵᠢᠯ ᠤᠨ ᠪᠠᠶᠢᠳᠠᠯ ᠢ ᠮᠡᠳᠡᠭᠳᠡᠪᠡ︔ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠳᠡᠳ᠋ ᠡᠷᠬᠢᠯᠡᠭᠴᠢ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ︽ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠴᠦ ᠪᠣᠳᠣᠯᠬᠢᠯᠠᠬᠤ ᠬᠡᠷᠡᠭᠲᠡᠢ︾ ᠭᠡᠬᠦ ᠤᠬᠠᠮᠰᠠᠷ᠂ ︽ ᠭᠠᠢ ᠭᠠᠮᠰᠢᠭ ᠦᠷᠭᠦᠯᠵᠢ ᠪᠠᠭ᠎ᠠ ᠤᠴᠢᠷ ᠠᠴᠠ ᠡᠭᠦᠰᠬᠦ︾ ᠤᠬᠠᠮᠰᠠᠷ ᠵᠢᠴᠢ ︽ᠠᠮᠤᠷ ᠲᠦᠪᠰᠢᠨ ᠪᠣᠯ ᠬᠠᠮᠤᠭ ᠤᠨ ᠶᠡᠭᠡ ᠦᠷ᠎ᠡ ᠠᠰᠢᠭ ᠮᠥᠨ︾ ᠭᠡᠬᠦ ᠤᠬᠠᠮᠰᠠᠷ ᠢ ᠴᠢᠩᠭᠠᠳᠬᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠬᠤ ᠬᠡᠷᠡᠭᠲᠡᠢ ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ︽ᠡᠷᠬᠢᠨ ᠬᠠᠷᠠᠬᠤ︾ ᠠᠵᠢᠯ ᠢ ᠨᠡᠶᠢᠳᠡᠮ ᠥᠷᠨᠢᠭᠦᠯᠵᠦ᠂ ᠬᠦᠨᠳᠦ ᠶᠡᠭᠡ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠴᠢᠩᠭᠠᠳᠬᠠᠨ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠬᠤᠲᠠ ᠪᠠᠯᠭᠠᠰᠤ ᠶᠢᠨ ᠥᠪᠡᠰᠦᠪᠡᠨ ᠪᠠᠷᠢᠭᠰᠠᠨ ᠬᠡᠷ ᠪᠠᠶᠢᠰᠢᠩ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ᠂ ᠪᠠᠷᠢᠯᠭ᠎ᠠ ᠶᠢᠨ ᠠᠵᠢᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠳᠡᠯ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠠᠶᠤᠯ ᠥᠬᠡᠶ ᠦᠢᠯᠡᠳᠪᠦᠷᠢᠯᠡᠯ ᠤᠨ ᠳᠤᠲᠠᠭᠤᠳᠠᠯ ᠢ ᠨᠥᠬᠦᠪᠥᠷᠢᠯᠡᠨ᠎ᠡ︔ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠮᠤᠭ ᠤᠨ ᠡᠷᠡᠰ ᠴᠢᠩᠭ᠎ᠠ ᠣᠪᠣᠷ ᠢᠶᠠᠷ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠬᠤ ᠬᠡᠷᠡᠭᠲᠡᠢ ᠭᠡᠵᠠᠢ᠃     ᠬᠤᠷᠠᠯ ᠳᠡᠭᠡᠷ᠎ᠡ ᠪᠠᠰᠠ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠲᠥᠯᠥᠭᠡᠯᠡᠭᠴᠢ ᠶᠠᠷᠢᠶ᠎ᠠ ᠲᠠᠯᠪᠢᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号