ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 40 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ 40 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠰᠤᠯᠠ ᠣᠷᠣᠯᠴᠠᠵᠠᠶ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ︽ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ  ᠶᠢᠨ ᠰᠠᠨᠠᠯ︾ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠦᠷᠢᠮ︾ ᠤᠨ ᠵᠣᠷᠢᠭ ᠰᠠᠨᠠᠭ᠎ᠠ᠂ ︽ᠸᠠᠨ ᠴᠤᠤ ᠴᠢ ᠨᠥᠬᠦᠷ ᠤᠨ ᠬᠤᠳᠠ ᠶᠢᠨ ᠨᠠᠮ ᠤᠨ ᠬᠤᠷᠢᠶ᠎ᠡ ᠶᠢᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠪᠣᠯᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠲᠤᠬᠠᠢ ᠲᠣᠭᠲᠠᠭᠠᠯ﹀ ᠢ ᠬᠡᠷᠡᠭᠵᠢᠭᠦᠯᠬᠦ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠤᠳᠠ ᠶᠢᠨ ᠨᠠᠮ ᠤᠨ ᠬᠤᠷᠢᠶ᠎ᠡ ᠶᠢᠨ ᠮᠡᠳᠡᠭᠳᠡᠯ︾ ᠤᠨ ᠵᠣᠷᠢᠭ ᠰᠠᠨᠠᠭ᠎ᠠ ᠶᠢ ᠰᠤᠷᠤᠯᠴᠠᠪᠠ᠃     ᠬᠤᠷᠠᠯ ᠠᠴᠠ ᠪᠦᠬᠦ ᠬᠤᠰᠢᠭᠤᠨ ᠤ ᠳᠠᠩᠰᠠ ᠡᠪᠬᠡᠮᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠹᠠᠩ ᠷᠦᠢ ᠨᠥᠬᠦᠷ ᠤᠨ ᠬᠤᠰᠢᠭᠤᠨ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ ︵ᠬᠢᠨᠠᠨ ᠵᠥᠪᠯᠡᠬᠦ ᠨᠣᠤᠷᠠᠭ︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ 2023 ᠣᠨ ᠤ ᠡᠭᠦᠷᠭᠡ ᠶᠢᠨ ᠨᠠᠷᠢᠨ ᠲᠠᠩᠰᠠ ︵ᠬᠢᠨᠠᠨ ᠵᠥᠪᠯᠡᠬᠦ ᠨᠣᠤᠷᠠᠭ︶︾ ᠶᠢ ᠰᠤᠳᠤᠯᠤᠨ ᠬᠢᠨᠠᠨ ᠵᠥᠪᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠬᠤᠷᠠᠯᠳᠤᠬᠤ ᠴᠠᠭ ᠢ ᠲᠣᠭᠲᠠᠭᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号