ᠭᠤᠤ ᠵᠢᠶᠠᠨ ᠮᠠᠨ ᠤ ᠬᠤᠰᠢᠭᠤᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/7/4
     7 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠬᠤᠲᠠ ᠶᠢᠨ ᠳᠣᠯᠣᠳᠤᠭᠠᠷ ᠪᠦᠯᠦᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠥᠪᠥᠷ ᠮᠣᠩᠭᠤᠯ ᠤᠨ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠤᠯᠠᠭᠠᠨᠬᠠᠳᠠ ᠬᠤᠲᠠ ᠶᠢᠨ ᠠᠵᠢᠯᠯᠠᠬᠤ ᠳᠤᠭᠤᠶᠢᠯᠠᠩ ᠤᠨ ᠲᠦᠷ ᠴᠠᠭ ᠤᠨ ᠨᠠᠮ ᠤᠨ ᠡᠭᠦᠷ ᠤᠨ ᠱᠦᠵᠢ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠭᠤᠤ ᠵᠢᠶᠠᠨ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠪᠠ᠃ ᠳᠡᠳ᠋ ᠬᠤᠰᠢᠭᠤᠨ ᠳᠠᠷᠤᠭ᠎ᠠ ᠪᠢᠴᠢᠭᠲᠦ ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠬᠠᠮᠢᠶ᠎ᠠ ᠪᠥᠬᠦᠶ ᠭᠠᠵᠠᠷ ᠣᠷᠣᠨ ᠤ ᠬᠠᠷᠢᠭᠤᠴᠠᠯᠭᠠᠲᠠᠨ ᠪᠠᠷ᠎ᠠ ᠪᠣᠯᠪᠠ ᠃ᠭᠤᠤ ᠵᠢᠶᠠᠨ ᠵᠡᠷᠭᠡ ᠬᠦᠮᠦᠰ ᠤᠷᠢᠳ ᠬᠤᠵᠢᠳ ᠵᠢᠨᠱᠠᠨ ᠪᠠᠯᠭᠠᠰᠤ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠾᠧᠪᠸᠢ ᠵᠡᠭᠡᠯᠢ ᠭᠤᠳᠤᠮᠵᠢ ᠶᠢᠨ ᠰᠢᠨ ᠴᠢᠦ ᠲᠣᠰᠬᠤᠨ ᠪᠣᠯᠤᠨ ᠪᠠᠭ᠎ᠠ ᠨᠡᠭᠦᠴᠡ ᠪᠠᠯᠭᠠᠰᠤ ᠶᠢᠨ ᠥᠪᠥᠷ ᠮᠣᠩᠭᠤᠯ ᠤᠨ ᠵᠢᠦ ᠮᠦ ᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠡᠢ ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠰᠢᠨ ᠴᠢᠦ ᠲᠣᠰᠬᠤᠨ ᠤ ᠤᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠥᠪᠥᠷ ᠮᠣᠩᠭᠤᠯ ᠤᠨ ᠵᠢᠤ ᠮᠦ ᠾᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠢᠬᠠᠨ ᠨᠤᠭᠤᠰᠤ ᠨᠢᠲᠤᠯᠬᠤ ᠵᠡᠷᠭᠡ ᠲᠥᠷᠥᠯ ᠵᠦᠢᠯ ᠵᠢᠴᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠨᠠᠷᠢᠨ ᠤᠢᠯᠭᠠᠪᠠ᠃     ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ᠂ ᠭᠤᠤ ᠵᠢᠶᠠᠨ ᠵᠡᠷᠭᠡ ᠬᠦᠮᠦᠰ ᠤᠳᠤ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠤᠨ ᠲᠦᠷᠦᠯ ᠵᠦᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠠᠵᠤ ᠦᠢᠯᠡᠰ ᠤᠨ ᠬᠦᠷᠢᠶᠡᠯᠡᠩ ᠤᠨ ᠵᠢᠷᠤᠭ ᠲᠥᠯᠥᠪᠯᠡᠭᠡ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠮᠡᠷᠭᠡᠵᠢᠯ ᠵᠢᠴᠢ ᠬᠠᠮᠢᠶᠠᠷᠤᠯᠲᠠ ᠪᠣᠷᠣᠯᠠᠭᠤᠯᠭ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠭᠦᠨ ᠤ ᠦᠵᠡᠬᠦ ᠪᠠᠷ᠂ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠳᠣᠣᠷ᠎ᠠ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠬᠢᠴᠠ ᠶᠢ ᠦᠨᠡᠨᠬᠦ ᠠᠬᠢᠭᠤᠯᠵᠤ᠂ ᠲᠤᠬᠠᠢ ᠶᠢᠨ ᠭᠠᠵᠠᠷ ᠲᠤ ᠳᠡᠭᠡᠳᠦ ᠰᠢᠨ᠎ᠡ ᠮᠡᠷᠭᠡᠵᠢᠯ᠂ ᠲᠡᠷᠢᠭᠦᠨ ᠤ ᠬᠠᠮᠢᠶᠠᠷᠤᠯᠲᠠ᠂ ᠪᠡᠯᠡ ᠮᠥᠩᠭᠦᠨ ᠤ ᠳᠡᠮᠵᠢᠯᠭᠡ ᠶᠢ ᠠᠪᠴᠢᠷᠠᠵᠤ᠂ ᠪᠦᠬᠦ ᠠᠵᠤ ᠦᠢᠯᠡᠰ ᠤᠨ ᠬᠡᠯᠬᠢᠶ᠎ᠡ ᠪᠦᠬᠦᠢ ᠬᠥᠳᠡᠭᠡ ᠲᠣᠰᠬᠤᠨ ᠤ ᠠᠵᠤ ᠦᠢᠯᠡᠰ ᠤᠨ ᠰᠢᠨ᠎ᠡ ᠵᠠᠭᠪᠤᠷ ᠢ ᠴᠣᠭᠴᠠᠯᠠᠨ ᠪᠠᠶᠢᠭᠤᠯᠵᠠᠢ᠃     ᠰᠢᠨ ᠴᠢᠦ ᠲᠣᠰᠬᠤᠨ ᠤ ᠤᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠤᠬᠠᠢ ᠶᠢᠨ ᠲᠠᠯᠠᠪᠠᠢ ᠳᠤ᠂ ᠭᠤᠤ ᠵᠢᠶᠠᠨ ᠵᠡᠷᠭᠡ ᠬᠦᠮᠦᠰ ᠲᠦᠷᠦᠯ ᠵᠦᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ᠂ ᠡᠵᠡᠩᠨᠡᠯᠲᠡ ᠶᠢᠨ ᠵᠠᠭᠪᠤᠷ ᠪᠣᠯᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠤᠶᠤᠨᠲᠤ ᠲᠠᠷᠢᠶᠠᠯᠠᠩ ᠤᠨ ᠲᠦᠷᠦᠯ ᠵᠦᠢᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠤᠬᠠᠢ ᠶᠢᠨ ᠲᠠᠯᠠᠪᠠᠢ ᠳᠤ ᠭᠤᠣᠯ ᠪᠣᠯᠬᠤ ᠲᠠᠷᠢᠮᠠᠯ ᠤᠨ ᠵᠦᠢᠯ᠂ ᠪᠣᠷᠣᠯᠠᠭᠤᠯᠭ᠎ᠠ ᠶᠢᠨ ᠠᠰᠢᠭ ᠬᠤᠨᠵᠢᠪᠣᠷᠢ ᠶᠢᠨ ᠠᠰᠠᠭᠤᠳᠠᠯ ᠢ ᠠᠰᠠᠭᠤᠵᠤ᠂ ᠤᠶᠤᠨᠲᠤ ᠲᠠᠷᠢᠶᠠᠯᠠᠩ ᠢᠶᠠᠷ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃ ᠡᠭᠦᠨ ᠤ ᠬᠠᠮᠲᠤ ᠵᠢᠱᠢᠶ᠎ᠡ ᠦᠵᠡᠭᠦᠯᠬᠦ ᠬᠦᠷᠢᠶᠡᠯᠡᠩ ᠤᠨ ᠣᠲᠣ ᠦᠶ᠎ᠡ ᠶᠢᠨ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠲᠤᠯᠭᠠᠷᠠᠵᠤ ᠪᠠᠶᠢᠭ᠎ᠠ ᠪᠠᠯᠠ ᠮᠥᠩᠭᠦ᠂ ᠮᠡᠷᠭᠡᠵᠢᠯ᠂ ᠴᠢᠳᠠᠪᠤᠷᠢᠲᠠᠨ ᠤ ᠠᠰᠠᠭᠤᠳᠠᠯ ᠢ ᠰᠢᠢᠳᠪᠦᠷᠢᠯᠡᠬᠦ᠂ ᠲᠠᠷᠢᠶᠠᠯᠠᠩ ᠤᠨ ᠪᠦᠲᠦᠴᠡ ᠶᠢᠨ ᠥᠭᠡᠷᠡᠴᠢᠯᠡᠯᠲᠡ ᠶᠢ ᠳᠠᠶᠢᠴᠢᠯᠠᠬᠤ ᠪᠠ ᠣᠲᠣ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠬᠡᠷᠡᠭᠲᠡᠶ᠃     ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠵᠢᠦ ᠮᠦ ᠾᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠢᠬᠠᠨ ᠨᠤᠭᠤᠰᠤ ᠨᠢᠲᠤᠯᠬᠤ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠮᠢᠬᠠᠨ ᠨᠤᠭᠤᠰᠤ ᠲᠡᠵᠢᠭᠡᠬᠦ᠂ ᠨᠢᠲᠤᠯᠵᠤ ᠪᠣᠯᠪᠠᠰᠤᠷᠠᠭᠤᠯᠬᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠠᠭ᠎ᠠ ᠨᠡᠭᠦᠴᠡ ᠪᠠᠯᠭᠠᠰᠤᠨ ᠤ ᠨᠤᠭᠤᠰᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ᠂ ᠲᠥᠯᠥᠪᠵᠢᠭᠦᠯᠭᠡ ᠪᠠ ᠠᠵᠤ ᠠᠬᠤᠶᠢᠯᠠᠯ ᠤᠨ ᠬᠤᠰᠢᠭᠤᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢ ᠭᠥᠯᠢᠶᠡᠨ ᠠᠪᠤᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠵᠠᠶ᠃     ᠭᠤᠤ ᠵᠢᠶᠠᠨ ᠴᠢᠬᠤᠯᠠᠴᠢᠯᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠭᠡᠵᠢᠩ — ᠤᠯᠠᠭᠠᠨᠬᠠᠳᠠ ᠬᠤᠶᠠᠷ ᠭᠠᠵᠠᠷ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠶ ᠨᠡᠪᠲᠡᠷᠡᠭᠦᠯᠵᠦ᠂ ᠵᠠᠬᠢᠶᠠᠯᠠᠭ᠎ᠠ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠳᠠᠷᠢᠬᠤ ᠴᠢᠭᠯᠡᠯ ᠲᠠᠢ᠂ ᠪᠣᠷᠣᠯᠠᠭᠤᠯᠬᠤ ᠴᠢᠭᠯᠡᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ ᠭᠡᠵᠠᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠬᠠᠪᠰᠤᠷᠤᠯᠭ᠎ᠠ ᠳᠡᠮᠵᠢᠯᠭᠡ ᠳᠣᠤᠷ᠎ᠠ᠂ ᠲᠠᠷᠢᠶᠠᠯᠠᠩ ᠤᠨ ᠦᠷ᠎ᠡ ᠠᠰᠢᠭ ᠤᠨ ᠨᠡᠮᠡᠭᠳᠡᠯ ᠢ ᠦᠷᠭᠦᠯᠵᠢᠯᠡᠨ ᠳᠠᠶᠢᠴᠢᠯᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠂ ᠬᠤᠶᠠᠷ ᠭᠠᠵᠠᠷ ᠤᠨ ᠬᠠᠮᠲᠤ ᠪᠠᠷ ᠴᠢᠨᠡᠭᠡᠯᠢᠭᠵᠢᠬᠦ ᠶᠢ ᠳᠥᠯᠭᠢᠨ ᠠᠬᠢᠭᠤᠯᠪᠠ

640.png

640 (2).png

 

 

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号