ᠹᠠᠩ ᠷᠦᠢ ᠭᠤᠤᠯᠯᠠᠬᠤ ᠠᠵᠤ ᠦᠶ᠋ᠯᠡᠰ ᠤᠨ ᠬᠥᠭᠵᠢᠯᠲᠡ ᠪᠠ ᠭᠠᠩ ᠢ ᠡᠰᠡᠷᠭᠦᠴᠡᠬᠦ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/7/5
     7 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠨᠠᠨ ᠲᠠᠢᠽᠢ ᠰᠢᠶᠠᠩ᠂ ᠪᠠᠭ᠎ᠠ ᠨᠡᠭᠦᠴᠡ ᠪᠠᠯᠭᠠᠰᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠵᠢᠴᠢ ᠭᠠᠩ ᠢ ᠡᠰᠡᠷᠭᠦᠴᠡᠬᠦ ᠪᠠᠶᠢᠳᠠᠯ ᠢ ᠪᠠᠶᠢᠴᠠᠭᠠᠨ ᠰᠤᠳᠤᠯᠪᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃     ᠹᠠᠩ ᠷᠦᠢ ᠵᠡᠷᠭᠡ ᠬᠦᠮᠦᠰ ᠤᠷᠢᠳ ᠬᠤᠵᠢᠳ ᠨᠠᠨ ᠲᠠᠢᠽᠢ ᠰᠢᠶᠠᠩ ᠤᠨ ᠢᠳᠡᠰᠢᠨ ᠨᠣᠭᠤᠭ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ᠂ ᠼᠦᠢ ᠣᠪᠣᠭᠲᠤ ᠶᠢᠨ ᠪᠤᠭᠤ ᠶᠢᠨ ᠦᠢᠯᠡᠰ ᠤᠨ ᠱᠤᠤ ᠪᠤᠭᠤ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠰᠠᠭᠤᠷᠢᠨ ᠭᠠᠵᠠᠷ᠂ ᠹᠦ᠋ ᠶᠢᠩ ᠭᠠᠭ᠋ᠠᠢ ᠲᠡᠵᠢᠭᠡᠬᠦ ᠲᠤᠰᠬᠠᠢ ᠬᠤᠷᠰᠢᠶ᠎ᠠ᠂ ᠬᠤᠩ ᠹᠧᠩ ᠦᠬᠡᠷ ᠲᠡᠵᠢᠭᠡᠬᠦ ᠲᠤᠰᠬᠠᠢ ᠬᠤᠷᠰᠢᠶ᠎ᠠ᠂ ᠪᠠᠭ᠎ᠠ ᠨᠡᠭᠦᠴᠡ ᠪᠠᠯᠭᠠᠰᠤ ᠶᠢᠨ ᠢᠦᠢ ᠰᠢᠶᠠᠩ ᠥᠨᠳᠡᠭᠡᠨ ᠲᠠᠬᠢᠶ᠎ᠠ ᠶᠢᠨ ᠣᠳᠣᠬᠢᠴᠢᠯᠠᠭᠰᠠᠨ ᠲᠠᠬᠢᠶ᠎ᠠ ᠶᠢᠨ ᠡᠭᠦᠷ᠂ ᠶᠢᠨ ᠫᠧᠩ ᠲᠠᠷᠢᠮᠠᠯ ᠤᠨ ᠲᠤᠰᠬᠠᠢ ᠬᠤᠷᠰᠢᠶ᠎ᠠ᠂ ᠶᠢᠨ ᠹᠧᠩ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠭᠠᠵᠠᠷ ᠲᠤ ᠬᠦᠷᠴᠡᠢ᠃ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠢᠶᠠᠯᠠᠩ ᠮᠠᠯ ᠠᠵᠤ ᠠᠬᠤᠶ ᠶᠢᠨ ᠳᠠᠷᠢᠵᠤ ᠲᠡᠵᠢᠭᠡᠨ ᠦᠷᠡᠵᠢᠭᠦᠯᠬᠦ ᠵᠠᠭᠪᠤᠷ᠂ ᠡᠵᠡᠩᠨᠡᠯᠲᠡ ᠶᠢᠨ ᠬᠡᠪᠴᠢᠶ᠎ᠡ᠂ ᠡᠭᠦᠯᠳᠡᠷ ᠦᠷᠡᠵᠢᠭᠦᠯᠦᠨ ᠪᠤᠶᠢᠵᠢᠭᠤᠯᠬᠤ ᠵᠢᠴᠢ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠬᠦ ᠲᠠᠢ ᠬᠤᠯᠪᠣᠭᠳᠠᠵᠤ᠂ ᠬᠥᠳᠡᠭᠡ ᠲᠣᠰᠬᠤᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠬᠢ ᠪᠠᠶᠠᠯᠢᠭ ᠤᠨ ᠳᠠᠪᠠᠭᠤᠯᠢᠭ ᠪᠠ ᠣᠷᠣᠰᠢᠨ ᠲᠣᠭᠲᠠᠨᠢᠬᠤ ᠨᠥᠬᠦᠴᠡᠯ ᠳᠤ ᠰᠠᠭᠤᠷᠢᠯᠠᠨ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠭᠳᠤ ᠠᠵᠤ ᠦᠢᠯᠡᠰ ᠢ ᠬᠥᠭᠵᠢᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠶ ᠃ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠬᠡᠪᠴᠢᠶᠡᠵᠢᠭᠦᠯᠬᠦ᠂ ᠠᠵᠤ ᠦᠶᠢᠯᠡᠰᠵᠢᠭᠦᠯᠬᠦ᠂ ᠪᠠᠷᠢᠮᠵᠢᠶᠠᠵᠢᠭᠤᠯᠬᠤ᠂ ᠨᠠᠷᠠᠲᠤ ᠲᠥᠷᠥᠯ ᠲᠡᠮᠳᠡᠭᠵᠢᠭᠦᠯᠬᠦ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠢᠨᠠᠮᠠᠭᠠᠶ ᠰᠤᠳᠤᠯᠵᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠲᠠᠰ ᠲᠥᠷᠥᠯ ᠬᠤᠪᠢᠶᠠᠨ ᠪᠣᠶ ᠪᠣᠯᠭᠠᠵᠤ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠰᠢ ᠭᠠᠷᠬᠤ ᠶᠢ ᠳᠥᠯᠭᠢᠨ ᠠᠬᠢᠭᠤᠯᠬᠤ ᠬᠡᠷᠡᠭᠲᠡᠶ ᠃ ᠲᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠣᠷᠣᠭᠤᠯᠵᠤ ᠠᠪᠴᠢᠷᠠᠬᠤ ᠪᠠᠷ ᠬᠦᠴᠦᠯᠡᠵᠦ᠂ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠲᠠᠷᠢᠶᠠᠴᠢᠳ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠪᠠᠷ ᠤᠯᠠᠨ ᠲᠦᠮᠡᠨ ᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠹᠠᠩ ᠷᠦᠢ ᠪᠠᠰᠠ ᠭᠠᠩ ᠢ ᠡᠰᠡᠷᠭᠦᠴᠡᠵᠦ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠰᠤᠳᠤᠯᠵᠠᠢ᠃ ᠲᠡᠷᠡ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠪᠣᠯᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠪᠠᠲᠤᠯᠠᠭ᠎ᠠ ᠶᠢᠨ ᠠᠵᠢᠯ ᠨᠢ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠨᠡᠩ ᠴᠤ ᠡᠷᠬᠡᠪᠰᠢ ᠰᠠᠶᠢᠲᠤᠷ ᠪᠡᠶᠡᠯᠡᠭᠦᠯᠬᠦ ᠬᠡᠷᠡᠭᠲᠡᠶ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠢᠨ ᠭᠠᠩ ᠢ ᠡᠰᠡᠷᠭᠦᠴᠡᠬᠦ ᠠᠵᠢᠯ ᠢ ᠣᠳᠣᠬᠠᠨ ᠤ ᠴᠢᠬᠤᠯᠠ ᠶᠡᠭᠡ ᠪᠠᠴᠢᠮ ᠲᠤᠯᠭᠠᠮ᠎ᠠ ᠡᠭᠦᠷᠭᠡ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠦᠨᠡᠨ ᠬᠦ ᠴᠢᠩᠭᠠᠳᠬᠠᠵᠤ᠂ ᠠᠵᠠ ᠵᠠᠪᠰᠢᠶᠠᠨ ᠢᠶᠠᠷ ᠮᠢᠨᠴᠦᠭᠦᠷᠡᠬᠦ ᠦᠵᠡᠯ ᠰᠠᠨᠠᠭ᠎ᠠ ᠶᠢ ᠲᠠᠰᠤ ᠲᠡᠪᠴᠢᠵᠦ᠂ ᠪᠦᠭᠦ ᠬᠦᠴᠦᠨ ᠢᠶᠠᠷ ᠢᠶᠠᠨ ᠥᠨᠳᠥᠷ ᠬᠠᠯᠠᠭᠤᠨ ᠢ ᠡᠰᠡᠷᠭᠦᠴᠡᠨ ᠭᠠᠩ ᠢ ᠡᠰᠡᠷᠭᠦᠴᠡᠵᠦ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠠᠢ᠃

640.png

 

 

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号