ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/7/6
     7 ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠮᠠ ᠢᠦᠶ ᠬᠦᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠵᠤᠤ ᠶᠠᠨ ᠬᠤᠩ ᠨᠠᠷ ᠤᠷᠢᠳ ᠬᠤᠵᠢᠳ ᠵᠢᠨᠱᠠᠨ ᠬᠤᠲᠠ ᠶᠢᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠵᠢᠨᠱᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠥᠷᠭᠡᠳᠬᠡᠨ ᠪᠠᠶᠢᠭᠤᠯᠤᠯᠲᠠ ᠵᠡᠷᠭᠡ 9 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠠᠢ ᠳᠤ ᠠᠵᠢᠯᠯᠠᠵᠤ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠭᠰᠡᠨ ᠪᠥᠭᠡᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠣᠳᠠᠲᠠᠢ ᠱᠠᠭᠠᠷᠳᠠᠯᠭ᠎ᠠ ᠳᠤᠷᠠᠳᠴᠠᠢ      ᠵᠣᠣ ᠶᠠᠨ ᠬᠤᠩ ᠴᠢᠬᠤᠯᠠᠴᠢᠯᠠᠬᠤ ᠳᠠᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠷᠭᠡᠨ ᠣᠯᠠᠨ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠤᠨ ᠲᠤᠬᠠᠶ ᠴᠢᠩ ᠰᠡᠳᠬᠢᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ᠡᠷᠬᠡᠪᠰᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠤᠯᠤᠰ ᠲᠥᠷᠥ ᠶᠢᠨ ᠡᠭᠦᠷᠭᠡ ᠮᠥᠨ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ︽ ᠪᠠᠴᠢᠮᠳᠠᠯ ᠬᠦᠴᠢᠷᠳᠡᠯ ᠳᠦ ᠵᠣᠪᠠᠨᠢᠬᠤ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠡᠵᠡᠮᠳᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠷᠢᠯᠭ᠎ᠠ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠣᠳᠣᠨ ᠢᠨᠵᠧᠨᠧᠷᠢᠩ᠂ ᠴᠢᠨᠠᠷ ᠰᠠᠶᠢᠲᠠᠢ ᠢᠨᠵᠧᠨᠧᠷᠢᠩ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠨᠢᠭᠲᠠ ᠬᠠᠮᠵᠢᠯᠴᠠᠨ᠂ ᠲᠥᠷᠥᠯ ᠵᠦᠢᠯ ᠤᠨ ᠡᠯ᠎ᠡ ᠵᠦᠢᠯ ᠤᠨ ᠬᠦᠴᠦᠨ ᠵᠦᠢᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃

640.jpg

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号