ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠢᠴᠢᠨ ᠬᠠᠷᠠᠴᠢᠨ ᠬᠤᠰᠢᠭᠤᠨ ᠳᠤ ᠬᠦᠷᠴᠦ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠢᠳᠠᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/10
     8 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠢᠴᠢᠨ ᠬᠠᠷᠠᠴᠢᠨ ᠬᠤᠰᠢᠭᠤᠨ ᠤ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠢᠳᠠᠯ ᠢ ᠪᠠᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠱᠸᠦ ᠯᠢ ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠵᠢᠴᠢ ᠬᠠᠮᠢᠶ᠎ᠠ ᠪᠥᠬᠦᠶ ᠭᠠᠵᠠᠷ ᠣᠷᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠳᠠᠢᠴᠢᠨ ᠬᠠᠷᠠᠴᠢᠨ ᠬᠤᠰᠢᠭᠤᠨ ᠤ ᠨᠢᠦ ᠵᠢᠶᠠ ᠢᠩᠽᠢ ᠪᠠᠯᠭᠠᠰᠤᠨ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠣᠯᠢᠯᠴᠠᠨ ᠨᠡᠪᠲᠡᠷᠡᠯᠴᠡᠬᠦ ᠵᠡᠷᠭᠡ ᠬᠡᠯᠪᠡᠷᠢ ᠪᠠᠷ ᠳᠡᠮᠵᠢᠨ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠢᠴᠢ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃     ᠳᠠᠢᠴᠢᠨ ᠴᠢᠬᠤᠯᠠᠴᠢᠯᠠᠭᠰᠠᠨ ᠨᠢ᠂ ᠬᠦᠷᠢᠶᠡᠯᠡᠩ ᠲᠣᠭᠤᠷᠢᠭ ᠤᠨ ᠲᠠᠪᠴᠠᠩ ᠤᠨ ᠠᠴᠢᠶᠠᠯᠠᠪᠤᠷᠢ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠩ ᠣᠯᠠᠨ ᠨᠠᠷᠠᠲᠤ ᠡᠮ ᠤᠨ ᠠᠵᠤ ᠠᠬᠤᠶᠢᠯᠠᠯ ᠢ ᠣᠷᠣᠭᠤᠯᠵᠤ ᠰᠠᠭᠤᠯᠭᠠᠬᠤ ᠪᠠᠷ ᠴᠢᠷᠮᠠᠶᠢᠵᠤ᠂ ᠬᠦᠴᠦᠨ ᠢᠶᠠᠨ ᠲᠥᠪᠯᠡᠷᠡᠭᠦᠯᠦᠨ ᠣᠲᠣ ᠦᠶ᠎ᠡ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠬᠤ ᠬᠡᠷᠡᠭᠲᠡᠶ᠃ ᠲᠤᠯᠤᠭᠠᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠂ ᠣᠶ ᠰᠢᠭᠤᠶ ᠡᠮ ᠤᠨ ᠠᠯᠠᠭᠯᠠᠨ ᠳᠠᠷᠢᠬᠤ ᠤᠨᠴᠠᠯᠢᠭᠳᠤ ᠣᠶ ᠶᠢᠨ ᠬᠤᠷᠮᠣᠶ ᠶᠢᠨ ᠠᠵᠤ ᠠᠬᠤᠶ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠭᠵᠢᠭᠦᠯᠵᠦ᠂ ᠦᠷ᠎ᠡ ᠪᠠ ᠵᠤᠯᠵᠠᠭ᠎ᠠ ᠮᠣᠳᠣ ᠶᠢ ᠶᠡᠬᠡᠪᠡᠷ ᠪᠤᠶᠢᠵᠢᠭᠤᠯᠵᠤ᠂ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠮ ᠤᠨ ᠮᠠᠲ᠋ᠧᠷᠢᠶᠠᠯ ᠤᠨ ᠨᠠᠷᠢᠯᠢᠭ ᠭᠦᠨᠵᠡᠭᠡᠶ ᠡᠳ᠋ᠰᠢᠭᠦᠯᠦᠭᠰᠡᠨ ᠪᠦᠲᠦᠭᠡᠭᠳᠡᠬᠦᠨ ᠢ ᠠᠯᠬᠤᠮ ᠠᠯᠬᠤᠮ ᠢᠶᠠᠷ ᠨᠡᠭᠡᠭᠡᠨ ᠬᠥᠭᠵᠢᠭᠦᠯᠵᠦ᠂ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ ᠶᠢ ᠠᠬᠢᠭᠤᠯᠤᠨ᠎ᠠ᠃ ᠲᠤᠰ ᠤᠳᠠᠭᠠᠨ ᠤ ᠶᠡᠭᠡ ᠬᠤᠷᠠᠯ ᠢ ᠰᠠᠶᠢᠲᠤᠷ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠬᠠᠷᠠᠴᠢᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠬᠢᠲᠠᠳ ᠮᠣᠩᠭᠤᠯ ᠡᠮ ᠡᠮᠨᠡᠯᠭᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠲᠠᠯ᠎ᠠ ᠶᠢᠨ ᠬᠢᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ︽ᠪᠣᠭᠤᠮᠲᠠ ᠶᠢᠨ ᠭᠠᠳᠠᠨᠠᠬᠢ ᠡᠮ ᠤᠨ ᠰᠢᠶᠠᠩ︾ ᠤᠨ ᠡᠮ ᠤᠨ ᠮᠠᠲ᠋ᠧᠷᠢᠶᠠᠯ ᠤᠨ ᠨᠠᠷᠠᠲᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠡᠮ ᠤᠨ ᠮᠠᠲ᠋ᠧᠷᠢᠶᠠᠯ ᠤᠨ ᠲᠠᠷᠢᠶᠠᠯᠠᠩ ᠢ ᠳᠡᠮᠵᠢᠨ ᠣᠷᠣᠯᠭ᠎ᠠ ᠶᠢ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠤᠨ᠂ ᠬᠠᠷᠠᠴᠢᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠶᠢ ᠲᠦᠷᠭᠡᠳᠬᠡᠬᠦ ᠬᠡᠷᠡᠭᠲᠡᠶ᠃     ᠹᠠᠩ ᠷᠦᠢ ᠢᠯᠡᠷᠬᠡᠶᠢᠯᠡᠬᠦ ᠳᠡᠭᠡᠨ᠂ ᠬᠠᠷᠠᠴᠢᠨ ᠵᠠᠭᠤᠨ ᠳ᠋ᠦᠩᠰᠢᠭᠤᠷ ᠳᠡᠰ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠬᠠᠷᠠᠯᠲᠠ ᠳᠤ ᠰᠠᠭᠤᠷᠢᠯᠠᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠡᠨᠡᠬᠦ ︽ᠤᠶᠠᠩᠭᠠᠲᠤ ᠮᠣᠳᠣ︾ ᠶᠢ ᠰᠠᠶᠢᠲᠤᠷ ᠵᠠᠶᠢᠯᠠᠵᠤ᠂ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠡᠭᠡ ᠬᠤᠷᠠᠯ ᠤᠨ ᠪᠡᠯᠡᠳᠬᠡᠯ ᠤᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠬᠢᠵᠦ᠂ ᠦᠵᠡᠭᠦᠯᠦᠯᠭᠡ ᠶᠢᠨ ᠴᠤᠭᠯᠠᠭᠠᠨ᠂ ᠲᠦᠷᠦᠭᠦᠴᠦᠳ ᠤᠨ ᠬᠤᠷᠠᠯ ᠵᠡᠷᠭᠡ ᠡᠯ᠎ᠡ ᠵᠦᠢᠯ ᠤᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠡᠬᠢ ᠪᠠᠶᠠᠯᠢᠭ ᠢ ᠬᠠᠷᠢᠯᠴᠠᠨ ᠡᠳ᠋ᠯᠡᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠵᠤ᠂ ᠡᠷᠲᠡᠬᠡᠨ ᠪᠥᠬᠦ ᠤᠯᠤᠰ ᠤᠨ ᠳᠥᠷᠪᠡᠨ ᠶᠡᠭᠡ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠰᠠᠭᠤᠷᠢᠨ ᠭᠠᠵᠠᠷ ᠤᠨ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣᠨ ᠤ ᠬᠠᠩᠭᠠᠯᠭ᠎ᠠ ᠶᠢᠨ ᠰᠠᠭᠤᠷᠢᠨ ᠭᠠᠵᠠᠷ ᠢ ᠪᠦᠲᠦᠭᠡᠨ ᠪᠠᠢᠭᠤᠯᠤᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号