ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠨᠢᠦ ᠵᠢᠶᠠ ᠢᠩᠽᠢ ᠪᠠᠯᠭᠠᠰᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/8/10
     8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠨᠢᠤ ᠵᠢᠶᠠ ᠢᠩᠽᠢ ᠪᠠᠯᠭᠠᠰᠤᠨ ᠳᠤ ᠬᠤᠷᠠᠯᠳᠤᠪᠠ᠃     ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶᠠᠨ ᠤ ᠤᠤᠯ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠹᠠᠩ ᠱᠦ᠋ ᠲᠢᠩ ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠭᠦᠢᠴᠡᠳᠬᠡᠬᠦ ᠳᠡᠳ᠋ ᠳᠠᠷᠤᠭ᠎ᠠ ᠯᠢᠦ ᠵᠠᠩ ᠯᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠸᠠᠩ ᠷᠦᠢ ᠹᠧᠩ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦᠩᠬᠡᠪᠠᠭᠠᠲᠤᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠲᠢᠶᠠᠨ ᠴᠧᠨ ᠭᠤᠸᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠣ ᠰᠢ ᠬᠤᠸᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠬᠤᠩ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠪᠣᠯᠤᠨ ᠮᠠ ᠵᠢᠩ ᠬᠤᠸᠠ᠂ ᠵᠠᠩ ᠬᠤᠸᠠ ᠵᠡᠷᠭᠡ ᠬᠤᠰᠢᠭᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠣᠨᠴᠠ ᠤᠷᠢᠭᠰᠠᠨ ᠵᠣᠴᠢᠨ ᠪᠣᠯᠤᠨ ᠪᠡᠭᠡᠵᠢᠩ ᠬᠤᠲᠠ᠂ ᠾᠧᠪᠧᠢ ᠮᠤᠵᠢ᠂ ᠱᠠᠨᠳᠦ᠋ᠩ ᠮᠤᠵᠢ ᠵᠡᠷᠭᠡ ᠪᠥᠬᠦ ᠤᠯᠤᠰ ᠤᠨ ᠡᠯ᠎ᠡ ᠭᠠᠵᠠᠷ ᠤᠨ ᠡᠯ᠎ᠡ ᠱᠠᠲᠤᠨ ᠤ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠂ ᠠᠵᠤ ᠠᠬᠤᠶᠢᠯᠠᠯᠲᠠᠨ᠂ ᠤᠯᠠᠭᠠᠨᠬᠠᠳᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ᠂ ᠠᠵᠤ ᠠᠬᠤᠶᠢᠯᠠᠯ ᠤᠨ ᠲᠥᠯᠥᠭᠡᠯᠡᠭᠴᠢ᠂ ᠬᠤᠷᠰᠢᠶ᠎ᠠ ᠶᠢᠨ ᠲᠥᠯᠥᠭᠡᠯᠡᠭᠴᠢ ᠪᠣᠯᠤᠨ ᠲᠠᠷᠢᠮᠠᠯ ᠤᠨ ᠲᠣᠮᠣ ᠡᠷᠦᠬᠡ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃     ᠹᠠᠩ ᠷᠦᠢ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠳᠠᠪᠠᠭᠤᠯᠢᠭ ᠢ ᠨᠠᠷᠢᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤ ᠵᠠᠭᠤᠨ ᠳ᠋ᠦᠩᠰᠢᠭᠤᠷ ᠲᠠᠰ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ ᠨᠥᠬᠦᠪᠥᠷᠢᠯᠡᠵᠦ᠂ ᠡᠮ ᠪᠠ ᠢᠳᠡᠭᠡᠨ ᠤ ᠵᠦᠢᠯ ᠤᠨ ᠭᠠᠷᠤᠯ ᠨᠢᠭᠡᠲᠡᠶ ᠡᠷᠡᠭᠦᠯᠵᠢᠯ ᠤᠨ ᠦᠢᠯᠡᠳᠬᠦᠨ ᠪᠠ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠦᠢᠯᠡᠳᠬᠦᠨ ᠢ ᠭᠠᠷᠭᠠᠵᠤ᠂ ᠬᠤᠪᠣᠷ ᠴᠤᠬᠠᠭ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ ᠭᠡᠵᠡᠶ᠃ ᠠᠮᠢ ᠠᠬᠤᠶ ᠶᠢᠨ ᠥᠷᠲᠡᠭ ᠢ ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ 140 ᠲᠦᠮᠡᠨ ᠮᠥ ᠠᠰᠢᠭᠲᠤ ᠣᠶᠢᠲᠤ ᠭᠠᠵᠠᠷ ᠢ ᠠᠰᠢᠭᠯᠠᠨ᠂ ᠣᠶ ᠰᠢᠭᠤᠶ ᠡᠮ ᠤᠨ ᠲᠠᠷᠢᠮᠠᠯ ᠢ 10 ᠲᠦᠮᠡᠨ ᠮᠥ ᠨᠡᠮᠡᠭᠳᠡᠭᠦᠯᠬᠦ ᠶᠢ ᠳᠥᠯᠭᠢᠨ ᠠᠬᠢᠭᠤᠯᠵᠤ᠂ 2026 ᠣᠨ ᠪᠣᠯᠬᠤ ᠳᠤ ᠡᠮ ᠤᠨ ᠮᠠᠲ᠋ᠧᠷᠢᠶᠠᠯ ᠤᠨ ᠲᠠᠷᠢᠮᠠᠯ ᠤᠨ ᠬᠡᠪᠴᠢᠶ᠎ᠡ ᠶᠢ 20 ᠲᠦᠮᠡᠨ ᠮᠥ ᠠᠴᠠ ᠳᠡᠭᠡᠭᠰᠢ ᠳᠤ ᠬᠦᠷᠦᠭᠦᠯᠦᠨ᠎ᠡ᠃ ᠢᠷᠡᠬᠦ ᠵᠢᠯ ᠳᠤ ᠴᠠᠭ ᠲᠤᠨᠢ ᠲᠣᠬᠢᠷᠠᠭᠤᠯᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ 800 ᠮᠥ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠤᠯᠤᠰ ᠤᠨ ᠳᠥᠷᠪᠡᠨ ᠶᠡᠭᠡ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠠᠷᠠᠯᠵᠢᠶᠠᠨ ᠤ ᠰᠠᠭᠤᠷᠢᠨ ᠭᠠᠵᠠᠷ ᠤᠨ ᠡᠩᠨᠡᠭᠡᠨ ᠳᠤ ᠣᠷᠣᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠦᠷ᠎ᠡ ᠴᠢᠬᠢ ᠬᠠᠩᠭᠠᠬᠤ ᠰᠠᠭᠤᠷᠢᠨ ᠭᠠᠵᠠᠷ ᠢ ᠪᠠᠢᠭᠤᠯᠬᠤ ᠬᠡᠷᠡᠭᠲᠡᠢ᠃     ᠹᠠᠩ ᠷᠦᠢ ᠢᠯᠡᠷᠬᠡᠶᠢᠯᠡᠬᠦ ᠳᠡᠭᠡᠨ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠠᠴᠠ ᠨᠠᠰᠢ᠂ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠡᠪᠴᠢᠶ᠎ᠡ ᠵᠢᠯ ᠳᠠᠷᠠᠭᠠᠯᠠᠨ ᠥᠷᠭᠡᠳᠴᠦ᠂ ᠨᠥᠯᠥᠭᠡᠯᠡᠬᠦ ᠬᠦᠴᠦᠨ᠂ ᠠᠯᠳᠠᠷᠰᠢᠯ ᠵᠢᠯ ᠳᠠᠷᠠᠭᠠᠯᠠᠨ ᠳᠡᠭᠡᠭᠰᠢᠯᠡᠵᠦ᠂ ᠲᠣᠰ ᠭᠠᠵᠠᠷ ᠤᠨ ᠣᠯᠠᠨ ᠡᠮ ᠤᠨ ᠠᠵᠤ ᠠᠬᠤᠶᠢᠯᠠᠯ ᠵᠠᠯᠭᠠᠭ᠎ᠠ ᠪᠠᠷ ᠬᠤᠰᠢᠭᠤᠨ ᠤ ᠭᠠᠳᠠᠨᠠᠬᠢ ᠵᠠᠭᠤ ᠭᠠᠷᠤᠶ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠩᠭᠠᠨ ᠪᠣᠷᠣᠯᠠᠭᠤᠯᠬᠤ ᠬᠡᠯᠡᠯᠴᠡᠭᠡᠷ ᠲᠣᠭᠲᠠᠵᠤ᠂ ᠦᠢᠯᠡᠳᠬᠦᠨ ᠤ ᠦᠨ᠎ᠡ ᠬᠠᠩᠰᠢ ᠪᠠ ᠪᠣᠷᠣᠯᠠᠭᠤᠯᠭ᠎ᠠ ᠶᠢᠨ ᠬᠡᠮᠵᠢᠶ᠎ᠡ ᠢᠯᠡᠳᠲᠡ ᠳᠡᠭᠡᠭᠰᠢᠯᠡᠨ᠂ ᠬᠢᠲᠠᠳ ᠮᠣᠩᠭᠤᠯ ᠡᠮ ᠤᠨ ᠮᠠᠲ᠋ᠧᠷᠢᠶᠠᠯ ᠳᠠᠷᠢᠬᠤ ᠮᠠᠰᠢᠨ᠂ ᠬᠤᠷᠢᠶᠠᠬᠤ ᠮᠠᠰᠢᠨ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠲᠦᠷᠦᠭᠦᠤ ᠬᠤᠶᠠᠷ ᠤᠳᠠᠭᠠᠨ ᠤ ᠦᠪᠡᠳᠡᠭᠰᠢ ᠴᠤᠭᠯᠠᠭᠠᠨ ᠳᠤ ᠠᠵᠤ ᠠᠬᠤᠶ ᠶᠢᠨ ᠦᠷ᠎ᠡ ᠠᠰᠢᠭ ᠢ 7 ᠳ᠋ᠦᠩᠰᠢᠭᠤᠷ ᠲᠥᠭᠦᠷᠢᠭ ᠠᠴᠠ ᠳᠡᠭᠡᠭᠰᠢ ᠳᠠᠶᠢᠴᠢᠯᠠᠭᠰᠠᠨ ᠪᠠᠶᠢᠨ᠎ᠠ᠃ ᠲᠣᠰ ᠤᠳᠠᠭᠠᠨ ᠤ ᠦᠪᠡᠳᠡᠭᠰᠢ ᠴᠤᠭᠯᠠᠭᠠᠨ ᠨᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠦᠨ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠡᠯ᠎ᠡ ᠲᠠᠯ᠎ᠠ ᠶᠢᠨ ᠨᠠᠶᠢᠵᠠ ᠨᠠᠷ ᠲᠠᠢ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠳᠤᠮᠳᠠᠳᠤ ᠮᠣᠩᠭᠤᠯ ᠡᠮ ᠡᠮᠨᠡᠯᠭᠡ ᠶᠢᠨ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠠᠢ ᠃     ᠹᠠᠩ ᠱᠦ᠋ ᠲᠢᠩ ᠢᠯᠡᠷᠬᠡᠶᠢᠯᠡᠬᠦ  ᠳᠡᠭᠡᠨ ᠂ ᠬᠠᠷᠠᠴᠢᠨ ᠬᠤᠰᠢᠭᠤᠨ ᠤ ᠬᠢᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠭᠦᠨᠵᠡᠭᠡᠶ ᠬᠠᠶᠢᠨ ᠰᠦᠪᠡᠭᠴᠢᠯᠡᠵᠦ ᠂ ᠬᠢᠲᠠᠳ ᠡᠮ ᠤᠨ ᠮᠠᠲ᠋ᠧᠷᠢᠶᠠᠯ ᠳᠠᠷᠢᠬᠤ ᠨᠢ ᠥᠨᠢ ᠤᠳᠠᠭᠠᠨ ᠲᠡᠤᠬᠡ ᠲᠠᠢ᠂ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ ᠴᠢᠨᠠᠷ ᠰᠠᠶᠢᠲᠠᠶ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠭᠠᠵᠠᠷ ᠮᠥᠨ᠃ ᠥᠩᠭᠡᠷᠡᠭᠰᠡᠨ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠴᠢᠬᠤᠯᠠ ᠶᠡᠭᠡ ᠠᠵᠠ ᠲᠣᠬᠢᠶᠠᠯ ᠢᠶᠠᠷ ᠳᠡᠮᠵᠢᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠠᠯᠳᠠᠷᠰᠢᠯ᠂ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠵᠦ ᠪᠠᠶᠢᠨ᠎ᠠ᠂ ᠪᠢᠳᠡ ᠲᠠ ᠪᠦᠬᠦᠨ ᠲᠠᠢ ᠬᠠᠮᠲᠤ ᠪᠠᠷ ᠴᠢᠷᠮᠠᠶᠢᠵᠤ ᠪᠠᠶᠢᠭᠠᠳ᠂ ᠬᠢᠲᠠᠳ ᠡᠮ ᠡᠮᠨᠡᠯᠭᠡ ᠪᠠ ᠦᠨᠳᠦᠰᠦᠲᠡᠨ ᠤ ᠡᠮ ᠡᠮᠨᠡᠯᠭᠡ ᠶᠢᠨ ᠪᠣᠬᠢᠷᠲᠤᠯ ᠥᠬᠡᠶ᠂ ᠰᠢᠨ᠎ᠡ ᠶᠢ ᠡᠭᠦᠳᠬᠦ᠂ ᠴᠢᠨᠠᠷ ᠴᠢᠨᠰᠠᠭ᠎ᠠ ᠢ ᠪᠠᠲᠤᠯᠠᠵᠤ᠂ ᠯᠠᠪᠳᠠᠭᠤᠨ ᠪᠠᠲᠤᠲᠠᠢ ᠤᠷᠤᠭᠰᠢᠯᠠᠬᠤ ᠶᠢ ᠠᠬᠢᠭᠤᠯᠵᠤ᠂ ᠮᠠᠨ ᠤ ᠤᠯᠤᠰ ᠤᠨ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠠᠢ     ᠯᠢᠦ ᠵᠠᠩ ᠯᠢᠨ ᠢᠯᠡᠷᠬᠡᠢᠯᠡᠬᠦ ᠳᠡᠭᠡᠨ᠂ ᠡᠨᠡ ᠤᠳᠠᠭ᠎ᠠ ᠶᠢᠨ ᠶᠡᠭᠡ ᠬᠤᠷᠠᠯ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠵᠠᠭᠤᠴᠢᠯᠠᠭᠤᠷ ᠤᠨ ᠡᠯ᠎ᠡ ᠡᠲᠡᠭᠡᠳ ᠤᠨ ᠰᠣᠳᠣᠨ ᠬᠥᠮᠦᠰ ᠬᠤᠷᠠᠨ ᠴᠤᠭᠯᠠᠷᠠᠵᠤ᠂ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ GAP ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠵᠠᠳᠠᠯᠵᠤ᠂ ᠬᠠᠮᠲᠤ ᠪᠠᠷ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠣᠳᠣᠬᠢ ᠪᠠᠶᠢᠳᠠᠯ ᠬᠢᠭᠡᠳ ᠤᠯᠠᠭᠠᠨᠬᠠᠳᠠ ᠶᠢᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠪᠣᠳᠣᠯᠭ᠎ᠠ᠂ ᠬᠢᠲᠠᠳ ᠡᠮ ᠤᠨ ᠮᠠᠲ᠋ᠧᠷᠢᠶᠠᠯ ᠤᠨ ᠭᠠᠷᠤᠯᠲᠠ ᠶᠢᠨ ᠣᠷᠣᠨ ᠤ ᠪᠣᠯᠪᠠᠰᠤᠷᠠᠭᠤᠯᠤᠯᠲᠠ᠂ ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠮᠠᠰᠢᠨᠴᠢᠯᠠᠯᠲᠠ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ᠂ ᠬᠢᠲᠠᠳ ᠡᠮ ᠤᠨ ᠡᠬᠢ ᠡᠭᠦᠰᠦᠯ ᠲᠠᠢ ᠨᠢᠭᠲᠠ ᠤᠶᠠᠯᠳᠤᠭᠤᠯᠤᠨ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠢᠨᠵᠢᠯᠡᠬᠦ ᠤᠬᠠᠭᠠᠨᠴᠢᠯᠠᠯᠲᠠ᠂ ᠮᠠᠰᠢᠨᠴᠢᠯᠠᠯᠲᠠ᠂ ᠠᠮᠢ ᠠᠬᠤᠶᠢᠵᠢᠯᠲᠠ ᠶᠢ ᠳᠥᠯᠭᠢᠨ ᠠᠬᠢᠭᠤᠯᠵᠤ᠂ ᠤᠯᠠᠭᠠᠨᠬᠠᠳᠠ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠨᠠᠩ ᠰᠠᠶᠢᠨ᠂ ᠨᠠᠩ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠨᠢ ᠵᠠᠰᠠᠭ ᠤᠨ ᠣᠷᠳᠣᠨ ᠲᠠᠢ ᠨᠡᠪᠲᠡᠷᠡᠯᠴᠡᠬᠦ᠂ ᠠᠵᠤ ᠠᠬᠤᠶᠢᠯᠠᠯ ᠳᠤ ᠦᠢᠯᠡᠴᠢᠯᠡᠬᠦ ᠪᠠᠷ ᠬᠦᠴᠦᠯᠡᠨ ᠴᠢᠷᠮᠠᠶᠢᠵᠤ᠂ ᠵᠢᠷᠤᠮᠵᠢᠯ ᠲᠠᠢ ᠬᠦᠳᠦᠯᠦᠨ ᠳᠠᠭᠠᠭᠤᠯᠬᠤ᠂ ᠰᠢᠨᠵᠢᠯᠡᠬᠦ ᠤᠬᠠᠭᠠᠨᠴᠢ ᠪᠠᠷ ᠬᠦᠴᠦᠨ ᠨᠡᠮᠡᠷᠢᠯᠡᠬᠦ᠂ ᠠᠵᠤ ᠠᠬᠤᠶᠢᠯᠠᠯ ᠢ ᠳᠣᠲᠣᠨᠣᠴᠢᠯᠠᠨ ᠪᠦᠯᠬᠦᠮᠳᠡᠭᠦᠯᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ᠂ ᠨᠡᠶᠢᠭᠡᠮ᠂ ᠤᠯᠠᠨ ᠨᠡᠶᠢᠳᠡ᠂ ᠠᠵᠢᠯ ᠲᠦᠷᠦᠯ ᠳᠤ ᠦᠢᠯᠡᠴᠢᠯᠡᠭᠡ ᠬᠠᠩᠭᠠᠨ᠎ᠠ ᠭᠡᠵᠠᠢ᠃     ᠥᠪᠥᠷ ᠮᠣᠩᠭᠤᠯ ᠤᠨ ᠮᠢᠨ ᠷᠦᠩ ᠬᠢᠲᠠᠳ ᠡᠮ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠱᠦ᠋ ᠮᠢᠨ ᠠᠵᠤ ᠠᠬᠤᠶᠢᠯᠠᠯ ᠤᠨ ᠲᠥᠯᠥᠭᠡᠯᠡᠭᠴᠢ ᠶᠢᠨ ᠬᠤᠪᠢ ᠪᠠᠷ ᠦᠭᠡ ᠬᠡᠯᠡᠪᠡ᠃ ᠲᠡᠷᠡ ᠢᠯᠡᠷᠬᠡᠶᠢᠯᠡᠬᠦ ᠳᠡᠭᠡᠨ᠂ ᠨᠤᠲᠤᠭ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠢ ᠨᠡᠭᠡᠭᠡᠬᠦ᠂ ᠠᠵᠢᠯ ᠣᠯᠭᠤᠯᠲᠠ ᠶᠢ ᠡᠭᠦᠳᠬᠦ᠂ ᠨᠤᠲᠤᠭ ᠤᠨ ᠢᠶᠠᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠵᠤ᠂ ᠬᠠᠷᠠᠴᠢᠨ ᠬᠤᠰᠢᠭᠤᠨ ᠤ ᠡᠮ ᠤᠨ ᠮᠠᠲ᠋ᠧᠷᠢᠶᠠᠯ ᠳᠠᠷᠢᠬᠤ᠂ ᠡᠳ᠋ᠰᠢᠭᠦᠯᠬᠦ᠂ ᠰᠤᠳᠤᠯᠤᠨ ᠨᠡᠭᠡᠭᠡᠬᠦ᠂ ᠭᠦᠢᠯᠭᠡᠭᠡ ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠢᠳᠡᠨ ᠤ ᠪᠠᠶᠢᠪᠠᠰᠤ ᠵᠣᠬᠢᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠠᠢ᠃     ᠬᠤᠷᠠᠯ ᠳᠡᠭᠡᠷ᠎ᠡ᠂ ᠶᠡᠷᠦᠩᠬᠡᠶ ᠪᠠᠯᠠ ᠣᠷᠣᠭᠤᠯᠤᠯᠲᠠ ᠨᠢ 40.1 ᠳ᠋ᠦᠩᠰᠢᠭᠤᠷ ᠲᠥᠭᠦᠷᠢᠭ ᠤᠨ 18 ᠲᠥᠷᠥᠯ ᠵᠦᠢᠯ ᠲᠠᠢ ᠭᠠᠷ ᠤᠨ ᠥᠰᠥᠭ ᠵᠢᠷᠤᠵᠤ᠂ ᠤᠯᠠᠭᠠᠨᠬᠠᠳᠠ ᠬᠤᠲᠠ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠮᠡᠳᠡᠭᠡ ᠵᠠᠩᠭᠢ ᠶᠢᠨ ᠲᠠᠪᠴᠠᠩ ᠢ ᠨᠡᠶᠢᠲᠡᠯᠡᠵᠦ᠂ ᠠᠵᠤ ᠦᠢᠯᠡᠰ ᠤᠨ ᠬᠥᠭᠵᠢᠯᠲᠡ ᠶᠢᠨ ᠵᠥᠪᠯᠡᠭᠴᠢ ᠶᠢ ᠤᠷᠢᠵᠤ᠂ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠠᠮᠲᠤ ᠪᠠᠷ ︽ᠪᠥᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ︾ ᠤᠨ ᠡᠬᠢᠯᠡᠯᠲᠡ ᠶᠢᠨ ᠲᠣᠪᠴᠢ ᠶᠢ ᠳᠠᠷᠤᠪᠠ᠃     ᠡᠬᠢᠯᠡᠯᠲᠡ ᠶᠢᠨ ᠶᠣᠰᠣᠯᠠᠯ ᠡᠬᠢᠯᠡᠬᠦ ᠠᠴᠠ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠪᠡ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠵᠤᠯᠵᠠᠭ᠎ᠠ ᠮᠣᠳᠣᠨ ᠤ ᠦᠵᠡᠭᠦᠯᠦᠯᠭᠡ ᠶᠢᠨ ᠲᠣᠭᠤᠷᠢᠭ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠦᠵᠡᠭᠦᠯᠦᠯᠭᠡ ᠶᠢᠨ ᠲᠣᠭᠤᠷᠢᠭ᠂ ᠮᠠᠰᠢᠨ ᠲᠥᠬᠦᠭᠡᠷᠦᠮᠵᠢ ᠶᠢᠨ ᠦᠵᠡᠭᠦᠯᠦᠯᠭᠡ ᠶᠢᠨ ᠲᠣᠭᠤᠷᠢᠭ ᠪᠠ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠭᠰᠡᠨ ᠤ ᠳᠠᠷᠠᠭ᠎ᠠ᠂ ᠣᠶ ᠰᠢᠭᠤᠶ ᠡᠮ ᠳᠠᠷᠢᠬᠤ ᠰᠠᠭᠤᠷᠢᠨ ᠭᠠᠵᠠᠷ᠂ ᠦᠷ᠎ᠡ ᠪᠠ ᠵᠤᠯᠵᠠᠭ᠎ᠠ ᠮᠣᠳᠣᠨ ᠤ ᠰᠠᠭᠤᠷᠢᠨ ᠭᠠᠵᠠᠷ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠦᠯᠦᠭ ᠬᠤᠪᠢᠶᠠᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃     ᠲᠣᠰ ᠬᠤᠭᠤᠴᠠᠭᠠᠨ ᠤ ᠶᠡᠭᠡ ᠬᠤᠷᠠᠯ ᠨᠢ ︽ᠣᠬᠢ ᠰᠣᠳᠣ ᠶᠢ ᠤᠯᠠᠮᠵᠢᠯᠠᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ︾ ᠪᠠᠷ ᠭᠤᠤᠯ ᠰᠡᠳᠦᠪ ᠪᠣᠯᠭᠠᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠪᠠ GAP ᠲᠠᠷᠢᠮᠠᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠭᠠᠷᠤᠯᠲᠠ ᠶᠢᠨ ᠣᠷᠣᠨ ᠤ ᠪᠣᠯᠪᠠᠰᠤᠷᠠᠭᠤᠯᠬᠤ ᠲᠦᠷᠦᠭᠦᠴᠦᠳ ᠤᠨ ᠶᠠᠷᠢᠶᠠᠨ ᠤ ᠲᠠᠪᠴᠠᠩ ᠵᠡᠷᠭᠡ ᠬᠤᠶᠠᠷ ᠵᠡᠷᠭᠡᠴᠡᠭᠡ ᠶᠠᠷᠢᠶᠠᠨ ᠤ ᠲᠠᠪᠴᠠᠩ ᠢ ᠥᠷᠨᠢᠭᠦᠯᠦᠭᠰᠡᠨ ᠤ ᠬᠠᠮᠲᠤ ᠬᠢᠲᠠᠳ ᠡᠮ ᠤᠨ ᠦᠷ᠎ᠡ ᠪᠠ ᠵᠤᠯᠵᠠᠭ᠎ᠠ ᠮᠣᠳᠣ᠂ ᠡᠮ ᠤᠨ ᠮᠠᠲ᠋ᠧᠷᠢᠶᠠᠯ ᠤᠨ ᠪᠦᠲᠦᠭᠡᠭᠳᠡᠬᠦᠨ᠂ ᠣᠶ ᠰᠢᠭᠤᠶ ᠪᠠ ᠡᠮ ᠤᠨ ᠵᠦᠢᠯ ᠤᠨ ᠲᠠᠷᠢᠮᠠᠯ ᠪᠠ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠡᠮ ᠤᠨ ᠮᠠᠲ᠋ᠧᠷᠢᠶᠠᠯ ᠤᠨ ᠮᠠᠰᠢᠨ ᠮᠧᠬᠠᠨᠢᠭ ᠢ ᠲᠥᠪᠯᠡᠷᠡᠭᠦᠯᠦᠨ ᠳᠡᠯᠭᠡᠨ ᠦᠵᠡᠭᠦᠯᠵᠡᠶ᠃     ᠣᠶᠢᠯᠠᠭᠠᠭᠰᠠᠨ ᠢᠶᠠᠷ᠂ ᠭᠤᠷᠪᠠᠨ ᠬᠤᠭᠤᠴᠠᠭ᠎ᠠ ᠦᠷᠭᠦᠯᠵᠢᠯᠡᠭᠰᠡᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠨᠢ ᠪᠥᠬᠦ ᠤᠯᠤᠰ ᠤᠨ ᠡᠯ᠎ᠡ ᠭᠠᠵᠠᠷ ᠤᠨ ᠡᠮ ᠡᠮᠨᠡᠯᠭᠡ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠠᠵᠤ ᠠᠬᠤᠶᠢᠯᠠᠯᠲᠠᠨ ᠢ ᠨᠡᠶᠢᠲᠡ 2000 ᠭᠠᠷᠤᠶ ᠬᠥᠮᠦᠨ ᠲᠡᠳᠡᠨ ᠠᠪᠴᠢᠷᠠᠵᠤ᠂ ᠵᠠᠭᠤ ᠭᠠᠷᠤᠶ ᠡᠮ ᠤᠨ ᠠᠵᠤ ᠠᠬᠤᠶᠢᠯᠠᠯ ᠬᠠᠷᠠᠴᠢᠨ ᠬᠤᠰᠢᠭᠤ ᠲᠠᠢ ᠬᠠᠩᠭᠠᠨ ᠪᠣᠷᠣᠯᠠᠭᠤᠯᠬᠤ ᠬᠡᠯᠡᠯᠴᠡᠭᠡᠷ ᠲᠣᠭᠲᠠᠵᠤ᠂ ᠬᠠᠷᠠᠴᠢᠨ ᠬᠤᠰᠢᠭᠤᠨ ᠤ ᠪᠥᠬᠦ ᠤᠯᠤᠰ ᠤᠨ ᠬᠢᠲᠠᠳ ᠡᠮ ᠡᠮᠨᠡᠯᠭᠡ ᠶᠢᠨ ᠡᠲᠡᠭᠡᠳ ᠲᠠᠬᠢ ᠨᠥᠯᠥᠭᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠭᠦᠯᠦᠭᠰᠡᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号