8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠠᠨᠾᠦ᠋ᠢ ᠮᠤᠵᠢ ᠶᠢᠨ ᠬᠤᠸᠠᠩᠱᠠᠨ ᠬᠤᠲᠠ ᠳᠤ | ᠬᠦᠷᠴᠦ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠲᠥᠷᠥᠯ | ᠵᠦᠢᠯ ᠤᠨ ᠲᠤᠬᠠᠶ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠃ ᠬᠤᠰᠢᠭᠤᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠢ ᠰᠢᠤ ᠴᠢᠤᠸᠠᠨ᠂ ᠬᠤᠰᠢᠭᠤᠨ ᠦ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠵᠢᠴᠢ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠨᠥᠬᠦᠳ ᠰᠢᠨᠵᠢᠯᠡᠨ | ᠪᠠᠢᠴᠠᠭᠠᠯᠲᠠ ᠳᠤ ᠣᠷᠣᠯᠴᠠᠵᠠᠶ᠃ | ᠵᠤᠤ ᠶᠠᠨ ᠬᠤᠩ ᠲᠤᠬᠠᠢ ᠶᠢᠨ ᠭᠠᠵᠠᠷ ᠲᠤᠨᠢ ᠱᠠᠩᠬᠠᠢ ᠶᠢᠨ ᠵᠢᠩ ᠢᠦᠢ ᠪᠦᠯᠦᠭᠯᠡᠯ ᠤᠨ ᠬᠤᠸᠠᠩᠱᠠᠨ | ᠪᠣᠭᠤᠮᠲᠠ ᠶᠢᠨ ᠬᠤᠷᠮᠣᠢ ᠳᠠᠬᠢ ᠮᠠᠶᠢᠬᠠᠨ ᠵᠡᠷᠭᠡ ᠲᠦᠷᠦᠯ ᠵᠦᠢᠯ ᠢ ᠰᠢᠨᠵᠢᠯᠡᠨ ᠪᠠᠶᠢᠴᠠᠭᠠᠭᠰᠠᠨ ᠪᠥᠭᠡᠳ ᠠᠵᠤ | ᠠᠬᠤᠶᠢᠯᠠᠯ ᠤᠨ ᠬᠠᠷᠢᠭᠤᠴᠠᠯᠭᠠᠲᠠᠨ᠂ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠵᠣᠯᠭᠠᠭᠤᠯᠤᠨ | ᠵᠥᠪᠳᠡᠯᠴᠡᠪᠡ᠃ ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠱᠠᠩᠬᠠᠶ ᠶᠢᠨ ᠵᠢᠩ ᠢᠦᠶ ᠪᠦᠯᠦᠭᠯᠡᠯ ᠤᠨ ᠰᠣᠶᠣᠯ | ᠵᠤᠭᠠᠴᠠᠯ ᠤᠨ ᠲᠥᠷᠥᠯ ᠵᠦᠢᠯ ᠤᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ᠂ | ᠡᠵᠡᠩᠨᠡᠯᠲᠡ ᠬᠠᠮᠢᠶᠠᠷᠤᠯᠲᠠ᠂ ᠨᠡᠷᠡᠲᠦ ᠲᠡᠮᠳᠡᠭ ᠤᠨ ᠥᠷᠭᠡᠳᠬᠡᠯ ᠵᠡᠷᠭᠡ ᠲᠠᠯ᠎ᠠ ᠪᠠᠷ ᠪᠣᠳᠠᠲᠤ ᠬᠦᠴᠦᠨ ᠢᠶᠠᠷ ᠴᠢᠩᠭ᠎ᠠ | ᠂ ᠳᠠᠪᠠᠭᠤᠯᠢᠭ ᠲᠠᠯ᠎ᠠ ᠪᠠᠷ ᠢᠯᠡᠳᠲᠡ ᠪᠠᠶᠢᠵᠤ᠂ ᠬᠥᠭᠵᠢᠯᠲᠡ ᠶᠢᠨ ᠣᠶᠢᠯᠠᠭᠠᠭᠳᠠᠬᠤᠨ ᠨᠢ ᠮᠠᠨ ᠤ ᠬᠤᠰᠢᠭᠤᠨ ᠤ | ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ | ᠨᠡᠶᠢᠴᠡᠵᠦ᠂ ᠬᠤᠶᠠᠷ ᠲᠠᠯ᠎ᠠ ᠪᠠᠷ ᠢᠶᠠᠨ ᠨᠢᠭᠲᠠ ᠪᠥᠭᠡᠳ ᠥᠨᠳᠥᠷ ᠪᠦᠲᠦᠮᠵᠢᠲᠡᠶ ᠨᠡᠪᠲᠡᠷᠡᠯᠴᠡᠭᠡ | ᠬᠠᠮᠲᠤᠷᠠᠯᠴᠠᠭ᠎ᠠ ᠪᠠᠨ ᠪᠠᠲᠤᠯᠠᠵᠤ᠂ ᠸᠠᠩ ᠤᠨ ᠣᠷᠳᠣᠨ ᠤ ᠲᠠᠩᠰᠠ ᠡᠪᠬᠡᠮᠡᠯ ᠢᠶᠠᠨ ᠳᠡᠪᠰᠢᠭᠦᠯᠵᠦ ᠲᠠᠰ ᠳᠡᠪᠰᠢᠭᠦᠯᠬᠦ | ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠤᠬᠠᠭᠠᠯᠠᠨ ᠲᠥᠯᠥᠪᠯᠡᠵᠦ ᠨᠡᠭᠡᠭᠡᠨ | ᠬᠥᠭᠵᠢᠭᠦᠯᠬᠦ᠂ ᠬᠠᠮᠲᠤᠷᠠᠨ ᠡᠵᠡᠩᠨᠡᠬᠦ᠂ ᠨᠠᠷᠠᠲᠤ ᠲᠡᠮᠳᠡᠭᠲᠦ ᠶᠢᠨ ᠤᠬᠠᠭᠤᠯᠭ᠎ᠠ ᠵᠡᠷᠭᠡ ᠡᠯ᠎ᠡ ᠵᠦᠢᠯ ᠤᠨ | ᠠᠵᠢᠯ ᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠲᠡᠤᠬᠡ ᠰᠣᠶᠣᠯ ᠤᠨ ᠨᠠᠷᠠᠲᠤ ᠪᠠᠯᠭᠠᠰᠤ ᠭᠡᠬᠦ ᠡᠨᠡ ᠬᠦ | ︽ᠠᠯᠲᠠᠨ ᠦᠰᠦᠭᠲᠦ ᠫᠠᠶᠢᠰᠠ︾ ᠶᠢ ᠤᠯᠠᠮ ᠠᠴᠠ ᠤᠯᠠᠮ ᠭᠡᠷᠡᠯᠲᠦᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ ᠭᠡᠵᠠᠢ᠃ | ᠱᠠᠩᠬᠠᠶ ᠶᠢᠨ ᠵᠢᠩ ᠢᠦᠶ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠣᠶᠢᠷ᠎ᠠ ᠶᠢᠨ ᠬᠤᠭᠤᠴᠠᠭᠠᠨ ᠳᠤ ᠲᠤᠰᠬᠠᠶ ᠮᠡᠷᠭᠡᠵᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠪᠠ | ᠡᠵᠡᠩᠨᠡᠯᠲᠡ ᠶᠢᠨ ᠪᠦᠯᠬᠦᠮ ᠢ ᠲᠣᠮᠢᠯᠠᠨ ᠰᠠᠭᠤᠯᠭᠠᠵᠤ ᠲᠤᠬᠠᠶ ᠶᠢᠨ ᠭᠠᠵᠠᠷ ᠲᠤᠨᠢ ᠣᠴᠢᠭᠤᠯᠤᠨ ᠠᠵᠢᠯ | ᠦᠷᠨᠢᠭᠦᠯᠵᠦ ᠂ ᠬᠤᠶᠠᠷ ᠲᠠᠯ᠎ᠠ ᠪᠠᠷ ᠢᠶᠠᠨ ᠠᠵᠢᠯ ᠤᠨ ᠳᠤᠮᠳᠠᠬᠢ ᠡᠯ᠎ᠡ ᠵᠦᠢᠯ ᠤᠨ | ᠬᠦᠴᠢᠷᠳᠡᠯ ᠪᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠥᠷᠥᠯ | ᠵᠦᠢᠯ ᠤᠨ ᠴᠢᠨᠠᠷ ᠰᠠᠶᠢᠲᠠᠶ ᠨᠡᠭᠡᠭᠡᠨ ᠬᠥᠭᠵᠢᠭᠦᠯᠬᠦ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ | ᠬᠠᠷᠠᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃ | |