8 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ ᠠᠴᠠ 8 ᠰᠠᠷ᠎ᠠ ᠶᠢᠨ 15 ᠤ ᠡᠳᠦᠷ ᠪᠣᠯᠲᠠᠯ᠎ᠠ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠯᠬᠦᠮ | ᠳᠠᠭᠠᠭᠤᠯᠤᠨ ᠠᠨᠾᠦ᠋ᠢ ᠮᠤᠵᠢ ᠶᠢᠨ ᠪᠥᠸᠧ ᠵᠧᠤ ᠬᠤᠲᠠ ᠳᠤ ᠬᠦᠷᠴᠦ ᠬᠢᠲᠠᠳ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ ᠪᠥᠭᠡᠳ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠪᠡ᠃ ᠬᠤᠰᠢᠭᠤ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ ᠢ ᠰᠢᠤ ᠴᠢᠤᠸᠠᠨ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ | ᠤᠬᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨ᠎ᠡ ᠶᠢ ᠡᠭᠦᠳᠬᠦ ᠬᠥᠭᠵᠢᠯᠲᠡ ᠶᠢᠨ | ᠦᠢᠯᠡᠴᠢᠯᠡᠭᠡᠨ ᠤ ᠲᠥᠪ᠂ ᠮᠦᠩᠭᠦᠨ ᠭᠦᠢᠯᠭᠡᠭᠡ ᠪᠠᠯᠠ | ᠣᠷᠣᠭᠤᠯᠤᠯᠲᠠ ᠶᠢᠨ ᠲᠣᠪᠴᠢᠶ᠎ᠠ᠂ ᠨᠢᠦ ᠵᠢᠶᠠ ᠢᠩᠽᠢ ᠪᠠᠯᠭᠠᠰᠤ᠂ ᠥᠪᠥᠷ ᠮᠣᠩᠭᠤᠯ ᠤᠨ ᠷᠦᠩ ᠰᠢᠩ | ᠲᠠᠩ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠢᠨ ᠷᠦᠩ ᠬᠢᠲᠠᠳ ᠡᠮ ᠤᠨ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ ᠭᠤᠤᠯ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ᠃ | | ᠵᠣᠣ ᠶᠠᠨ ᠬᠤᠩ ᠤᠷᠢᠳ ᠬᠤᠵᠢᠳ ᠱᠸᠡᠨ ᠨᠦᠩ ᠬᠥ᠋ ᠬᠢᠲᠠᠳ ᠡᠮ ᠤᠨ ᠮᠠᠲ᠋ᠧᠷᠢᠶᠠᠯ ᠤᠨ | ᠠᠷᠠᠯᠵᠢᠶᠠᠨ ᠤ ᠬᠦᠷᠢᠶᠡᠯᠡᠩ ᠲᠣᠭᠤᠷᠢᠭ᠂ ᠳᠤᠮᠳᠠᠳᠤ ᠤᠯᠤᠰ ᠤᠨ ᠪᠥᠸᠧ ᠵᠧᠤ ᠶᠢᠨ ᠬᠢᠲᠠᠳ ᠡᠮ ᠤᠨ | ᠮᠠᠲ᠋ᠧᠷᠢᠶᠠᠯ ᠤᠨ ᠲᠤᠰᠬᠠᠶ ᠵᠠᠬ᠎ᠠ ᠳᠡᠯᠭᠡᠭᠦᠷ᠂ ᠠᠨᠾᠦ᠋ᠢ ᠶᠢᠨ ᠰᠢᠶ᠋ᠸ ᠾᠧ ᠪᠡᠯᠡᠨ ᠡᠮ ᠤᠨ | ᠦᠢᠯᠡᠰ ᠤᠨ ᠴᠢᠨᠠᠬᠤ ᠡᠮ ᠤᠨ ᠬᠢᠵᠠᠭᠠᠷᠲᠤ ᠺᠣᠮᠫᠠᠨᠢ᠂ ᠬᠢᠲᠠᠳ ᠡᠮ ᠤᠨ ᠮᠠᠲ᠋ᠧᠷᠢᠶᠠᠯ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ ᠰᠢᠯᠭᠠᠨ ᠪᠠᠶᠢᠴᠠᠭᠠᠬᠤ ᠲᠥᠪ ᠵᠡᠷᠭᠡ ᠭᠠᠵᠠᠷ ᠢᠶᠠᠷ ᠲᠣᠭᠤᠷᠢᠨ ᠦᠵᠡᠵᠦ | ᠰᠢᠨᠵᠢᠯᠡᠨ ᠪᠠᠶᠢᠴᠠᠭᠠᠪᠠ᠃ ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠲᠤᠬᠠᠶ ᠶᠢᠨ ᠲᠠᠯᠠᠪᠤᠷ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ᠂ ᠪᠠᠷᠢᠮᠵᠢᠶᠠᠵᠢᠭᠰᠠᠨ ᠪᠣᠬᠢᠷᠲᠤᠯ ᠥᠬᠡᠶ ᠲᠠᠷᠢᠮᠠᠯ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠠᠷᠠᠯᠵᠢᠶ᠎ᠠ᠂ ᠡᠳ᠋ᠰᠢᠭᠦᠯᠦᠨ ᠬᠠᠳᠠᠭᠠᠯᠠᠬᠤ ᠡᠳ᠋ ᠪᠠᠷᠠᠭᠠᠨ ᠤ | ᠭᠦᠢᠯᠭᠡᠭᠡ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ | ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠭᠦᠨᠵᠡᠭᠡᠶ ᠵᠥᠪᠳᠡᠯᠴᠡᠨ ᠶᠠᠷᠢᠯᠴᠠᠪᠠ᠃ | ᠵᠣᠣ ᠶᠠᠨ ᠬᠤᠩ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ | ᠡᠮ ᠤᠨ ᠮᠠᠲ᠋ᠧᠷᠢᠶᠠᠯ︶ ᠤᠨ ᠲᠠᠷᠢᠮᠠᠯ ᠤᠨ ᠰᠣᠶᠣᠯ ᠥᠨᠢ ᠤᠳᠠᠭᠠᠨ᠂ ᠵᠢᠩᠬᠢᠨᠢ ᠡᠮ ᠤᠨ ᠮᠠᠲ᠋ᠧᠷᠢᠶᠠᠯ ᠤᠨ ᠴᠢᠨᠠᠷ | ᠴᠢᠨᠰᠠᠭ᠎ᠠ ᠰᠠᠶᠢᠨ᠂ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠨᠢ ᠣᠯᠠᠨ ᠠᠴᠠ ᠣᠨᠴᠠᠭᠠᠶ᠂ ︽ | ᠳᠤᠮᠳᠠᠳᠤ ᠤᠯᠤᠰ ᠤᠨ ᠤᠮᠠᠷᠠᠲᠤ ᠶᠢᠨ ᠣᠷᠬᠤᠳᠠᠶ᠂ ᠬᠤᠷᠳᠤᠨ ᠴᠠᠭᠠᠨ ᠤ ᠨᠤᠲᠤᠭ︾ ᠭᠡᠬᠦ ᠰᠠᠶᠢᠬᠠᠨ ᠨᠡᠷ᠎ᠡ ᠲᠠᠢ᠂ | ᠲᠤᠬᠠᠶ ᠶᠢᠨ ᠭᠠᠵᠠᠷ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠢᠷᠡᠭᠡᠳᠦᠶ ᠥᠷᠭᠡᠨ ᠠᠭᠤᠳᠠᠮ᠂ ᠲᠠᠷᠠᠭᠠᠴᠢ ᠶᠢᠨ | ᠠᠯᠬᠤᠮ ᠳᠤ ᠦᠢᠯᠡᠳᠬᠦᠨ ᠢ ᠰᠤᠳᠤᠯᠤᠨ ᠨᠡᠭᠡᠭᠡᠬᠦ᠂ ᠨᠠᠷᠢᠯᠢᠭ ᠡᠳ᠋ᠰᠢᠭᠦᠯᠬᠦ ᠠᠵᠤ | ᠦᠢᠯᠡᠰ ᠂ ᠡᠮᠴᠢᠯᠡᠭᠡᠨ ᠤ ᠡᠷᠡᠭᠦᠯᠵᠢᠯ ᠰᠤᠪᠢᠯᠠᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ | ᠴᠢᠩᠭᠠᠳᠬᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠦᠨ᠎ᠡ | ᠭᠡᠵᠠᠢ᠃ | ᠵᠣᠣ ᠶᠠᠨ ᠬᠤᠩ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠪᠥᠸᠧ ᠵᠧᠤ ᠬᠤᠲᠠ ᠶᠢᠨ | ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠯᠢᠳᠡᠭ ᠲᠤᠷᠰᠢᠯᠭ᠎ᠠ ᠪᠣᠯᠤᠨ | ᠲᠡᠷᠢᠭᠦᠨ ᠤ ᠬᠡᠪ ᠵᠠᠭᠪᠤᠷ ᠢ ᠭᠦᠢᠴᠡᠳ ᠰᠤᠷᠤᠯᠴᠠᠨ ᠲᠣᠯᠢ ᠪᠣᠯᠭᠠᠵᠤ᠂ ᠥᠪᠥᠷ ᠮᠣᠩᠭᠤᠯ ᠤᠨ ᠬᠢᠲᠠᠳ ᠡᠮ ᠤᠨ | ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ | ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠵᠢᠷᠤᠵᠤ ᠲᠥᠯᠥᠪᠯᠡᠬᠦ᠂ ᠢᠵᠢ ᠪᠦᠷᠢᠳᠦᠭᠦᠯᠬᠦ ᠵᠢᠴᠢ | ᠡᠵᠡᠩᠨᠡᠬᠦ ᠠᠷᠭ᠎ᠠ ᠮᠠᠶ᠋ᠢᠭ ᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠦᠲᠦᠭᠡᠭᠳᠡᠬᠦᠨ ᠤ | ᠪᠣᠷᠣᠯᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ᠂ ᠡᠮ ᠤᠨ ᠮᠠᠲ᠋ᠧᠷᠢᠶᠠᠯ ᠤᠨ ᠣᠷᠣᠭᠤᠯᠵᠤ | ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠬᠠᠷᠠᠴᠢᠨ | ᠬᠤᠰᠢᠭᠤ ᠶᠢ ᠪᠥᠬᠦ ᠬᠦᠴᠦᠨ ᠢᠶᠠᠷ ᠢᠶᠠᠨ ᠪᠥᠬᠦ ᠤᠯᠤᠰ ᠤᠨ ᠳᠥᠷᠪᠡᠳᠦᠭᠡᠷ ᠲᠣᠮᠣ ᠡᠮ ᠤᠨ ᠮᠠᠲ᠋ᠧᠷᠢᠶᠠᠯ ᠤᠨ | ᠠᠷᠠᠯᠵᠢᠶᠠᠨ ᠤ ᠵᠠᠬ᠎ᠠ ᠳᠡᠯᠭᠡᠭᠦᠷ ᠪᠣᠯᠭᠠᠨ᠎ᠠ ᠭᠡᠵᠠᠢ᠃ | |