ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/8/19
  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ 2023 ᠣᠨ ᠤ 8 ᠰᠠᠷ᠎ᠠ ᠶᠢᠨ 1 ᠤ ᠡᠳᠦᠷ ᠵᠢᠨᠱᠠᠨ ᠳᠤ ᠬᠤᠷᠠᠯᠳᠤᠪᠠ᠃  ᠲᠣᠰ ᠤᠳᠠᠭᠠᠨ ᠤ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 34 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠵᠠᠶ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃  ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ ᠡᠷᠬᠢᠯᠡᠪᠡ᠃ ᠨᠠᠮ ᠤᠨ ᠬᠤᠷᠢᠶ᠎ᠠ ᠶᠢᠨ ᠱᠦᠵᠢ ᠹᠠᠩ ᠷᠦᠢ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠪᠡ᠃  ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ 2023 ᠣᠨ ᠤ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠤᠷ᠎ᠠ ᠬᠠᠭᠠᠰ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠹᠠᠩ ᠷᠦᠢ ︽ᠡᠭᠦᠷᠭᠡ ᠶᠢᠨ ᠨᠠᠷᠢᠨ ᠲᠠᠩᠰᠠ ︵ᠶᠠᠷᠢᠯᠴᠠᠬᠤ ᠨᠣᠤᠷᠠᠭ︶︾ ᠶᠢᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃  ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠠᠵᠤ ᠦᠢᠯᠡᠰ ᠢ ᠠᠳᠬᠤᠨ᠂ ᠲᠠᠪᠴᠠᠩ ᠪᠠᠶᠢᠭᠤᠯᠵᠤ᠂ ᠪᠠᠯᠠ ᠣᠷᠣᠭᠤᠯᠤᠯᠲᠠ ᠶᠢ ᠠᠬᠢᠭᠤᠯᠤᠨ᠂ ᠣᠷᠴᠢᠨ ᠠᠬᠤᠶ ᠶᠢ ᠰᠢᠯᠢᠳᠡᠭᠵᠢᠭᠦᠯᠬᠦ︾ ᠶᠡᠷᠦᠩᠬᠡᠶ ᠰᠡᠳᠬᠢᠮᠵᠢ ᠶᠢ ᠪᠠᠷᠢᠮᠲᠠᠯᠠᠨ᠂ ᠪᠦᠭᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠨ ᠲᠠᠪᠰᠢᠬᠤ ᠰᠠᠶᠢᠨ ᠪᠠᠶᠢᠳᠠᠯ ᠢ ᠢᠮᠠᠭᠲᠠ ᠪᠠᠲᠤᠯᠠᠬᠤ ᠶᠢ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠠᠭᠤᠷᠬᠠᠢ ᠶᠢᠨ ᠠᠵᠤ ᠠᠬᠤᠢ ᠶᠢᠨ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠤᠢ ᠪᠣᠯᠭᠠᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠠᠵᠤ ᠦᠢᠯᠡᠰ ᠢ ᠲᠦᠷᠭᠡᠳᠬᠡᠨ ᠲᠥᠯᠥᠪᠵᠢᠭᠦᠯᠦᠨ ᠪᠠᠶᠢᠷᠢᠰᠢᠭᠤᠯᠵᠤ᠂ ᠵᠡᠰ ᠬᠦᠴᠢᠯ ᠤᠨ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠤᠷᠲᠤᠳᠬᠠᠨ ᠨᠥᠬᠦᠪᠥᠷᠢᠯᠡᠵᠦ᠂ ᠰᠢᠨ᠎ᠡ ᠮᠠᠲᠸᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠳᠤᠮᠳᠠ ᠳᠤᠤᠷᠠᠳᠤ ᠤᠷᠤᠰᠬᠠᠯ ᠲᠡᠰᠢ ᠥᠷᠭᠡᠵᠢᠬᠦ ᠶᠢ ᠠᠬᠢᠭᠤᠯᠵᠤ᠂ ᠤᠯᠠᠨ ᠡᠰᠢᠵᠢᠵᠦ ᠬᠠᠮᠲᠤᠪᠠᠷ ᠬᠥᠭᠵᠢᠭᠰᠡᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲᠸᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠵᠦ᠂ ᠳᠠᠷᠢᠵᠤ ᠲᠡᠵᠢᠭᠡᠬᠦ ᠦᠵᠦᠭᠦᠷ ᠪᠠ ᠡᠳ᠋ᠰᠢᠭᠦᠯᠬᠦ ᠦᠵᠦᠭᠦᠷ ᠤᠨ ᠬᠤᠤᠰ ᠴᠢᠭᠯᠡᠯ ᠢᠶᠠᠷ ᠬᠦᠴᠦᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠢᠬᠠᠨ ᠨᠤᠭᠤᠰᠤᠨ ᠤ ᠭᠦᠢᠴᠡᠳ ᠳᠠᠭᠠᠭᠠᠴᠠ ᠲᠠᠢ ᠦᠢᠯᠡᠳᠪᠦᠷᠢᠯᠡᠯ ᠂ ᠠᠯᠠᠰᠢᠨ ᠦᠬᠡᠷ ᠤᠨ ᠦᠷᠡᠵᠢᠯᠲᠡ ᠶᠢ ᠲᠦᠷᠭᠡᠨ ᠥᠷᠭᠡᠳᠬᠡᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠦᠷᠢᠮ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠲᠥᠪᠡᠳ ᠬᠠᠰᠢ ᠶᠢᠨ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠠᠬᠢᠭᠤᠯᠵᠤ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠠᠯᠠ ᠮᠥᠩᠭᠦ ᠣᠯᠵᠤ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠰᠠᠶᠢᠨ ᠲᠠᠯ᠎ᠠ ᠶᠢᠨ ᠳᠡᠰ ᠤᠨ ᠤᠳᠤᠷᠢᠳᠤᠯᠭ᠎ᠠ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠪ ᠭᠤᠣᠯᠴᠢ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠶᠢᠭᠡᠮ ᠤᠨ ᠲᠠᠯ᠎ᠠ ᠶᠢᠨ ᠡᠮᠬᠢ ᠳᠢᠭᠯᠢᠮ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ ᠳᠤ ᠠᠮᠤᠷ ᠲᠣᠭᠲᠠᠭᠤᠨ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号