︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/2
  ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ᠡᠳᠦᠭᠡ ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄  ᠨᠢᠭᠡ᠂ ︽ᠠᠷᠭ᠎ᠠ︾ ᠶᠢ ᠲᠣᠭᠲᠠᠭᠠᠬᠤ ᠶᠢᠨ ᠴᠢᠬᠤᠯᠠ ᠴᠢᠨᠠᠷ  ᠭᠤᠣᠯᠳᠠᠭᠤ ᠭᠤᠷᠪᠠᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠶ᠄ ᠨᠢᠭᠡ ᠳᠤ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠠᠭᠠᠳᠬᠠᠯ ᠳᠤ ᠣᠷᠣᠯᠴᠠᠬᠤ ᠬᠥᠮᠦᠨ ᠤ ᠲᠤᠭ᠎ᠠ ᠶᠢᠨ 95% ᠠᠴᠠ ᠳᠡᠭᠡᠭᠰᠢ ᠳᠤ ᠬᠦᠷᠭᠡᠬᠦ︾ ᠶᠢ ᠦᠨᠡᠨ ᠬᠦ ᠪᠠᠲᠤᠯᠠᠬᠤ ᠳᠤ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠶ︔ ᠬᠤᠶᠠᠷ ᠲᠤ᠂ ︽ᠭᠤᠤᠯᠳᠠᠯᠭ᠎ᠠ ᠲᠠᠢ ᠬᠥᠮᠦᠰ ᠪᠦᠬᠦᠨ ᠢᠶᠠᠷ ᠢᠶᠠᠨ ᠳᠠᠭᠠᠳᠬᠠᠯ ᠳᠤ ᠣᠷᠣᠯᠴᠠᠵᠤ᠂ ᠨᠢᠭᠡ ᠡᠷᠦᠬᠡ ᠳᠤ ᠴᠦ ᠣᠷᠣᠬᠤ ᠥᠬᠡᠶ᠂ ᠨᠢᠭᠡ ᠬᠥᠮᠦᠨ ᠠᠴᠠ ᠴᠦ ᠳᠤᠲᠠᠬᠤ ᠥᠬᠡᠶ︾ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠶ︔ ᠭᠤᠷᠪᠠ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠦᠵᠡᠭᠳᠡᠯ ᠢ ᠲᠠᠰᠤ ᠬᠤᠷᠢᠭᠯᠠᠵᠤ᠂ ᠲᠤᠭ᠎ᠠ ᠪᠠᠷᠢᠮᠲᠠ ᠶᠢᠨ ᠣᠨᠣᠪᠴᠢᠲᠠᠶ ᠪᠠᠶᠢᠬᠤ ᠪᠠ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠠᠲᠠᠪᠤᠷᠢᠯᠠᠨ ᠲᠤᠰᠢᠶᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠰᠠᠭᠤᠷᠢ ᠮᠥᠩᠭᠦ ᠶᠢ ᠬᠢᠨᠠᠨ ᠬᠠᠮᠢᠶᠠᠷᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠬᠤ ᠴᠢᠬᠤᠯᠠᠲᠠᠶ᠃  ᠬᠤᠶᠠᠷ᠂ ︽ᠠᠷᠭ᠎ᠠ︾ ᠶᠢ ᠲᠤᠭᠤᠷᠪᠢᠨ ᠪᠢᠴᠢᠭᠰᠡᠨ ᠦᠨᠳᠦᠰᠦᠯᠡᠯ  ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ ︾︔  ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠦᠷᠢᠮ︾︔  ︵ᠭᠤᠷᠪᠠ︶ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︽2016︾ 122 ᠳ᠋ᠤᠭᠠᠷ ᠲᠣᠭᠠᠲᠤ︶︔  ︵ᠳᠥᠷᠪᠡ︶ ︽ᠤᠯᠠᠭᠠᠨᠬᠠᠳᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ︵ᠤᠯᠠᠭᠠᠨᠬᠠᠳᠠ ᠬᠤᠲᠠ ᠶᠢᠨ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ︽2021︾ 11 ᠳ᠋ᠦᠭᠡᠷ ᠲᠣᠭᠠᠲᠤ︶︔  ︵ᠲᠠᠪᠤ︶ ︽2023 ᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨ ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ ︽2022︾ 10 ᠳ᠋ᠤᠭᠠᠷ ᠲᠣᠭᠠᠲᠤ︶  ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ  ᠲᠤᠰ ᠠᠷᠭ᠎ᠠ ᠳᠤ ᠨᠠᠶᠢᠳᠠ ᠨᠠᠢᠮᠠᠨ ᠪᠦᠯᠦᠭ ᠬᠤᠷᠢᠨ ᠨᠢᠭᠡᠨ ᠵᠦᠢᠯ ᠪᠤᠢ᠂ ᠭᠤᠣᠯ ᠠᠭᠤᠯᠭ᠎ᠠ ᠳᠤ ᠭᠤᠷᠪᠠᠨ ᠲᠠᠯ᠎ᠠ ᠶᠢ ᠪᠠᠭᠲᠠᠭᠠᠨ᠎ᠠ᠄  ︵ᠨᠢᠭᠡ︶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ  ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠪᠣᠯ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠭᠤᠣᠯ ᠴᠣᠭᠴᠠᠲᠤ ᠰᠠᠯᠠᠭ᠎ᠠ ᠮᠥᠴᠢᠷ ᠪᠣᠯᠤᠨ᠎ᠠ︔ ᠬᠠᠷᠢᠶᠠᠲᠤ ᠣᠷᠣᠨ ᠤ ᠳᠣᠲᠣᠷᠠᠬᠢ ᠲᠣᠰᠬᠤᠨ ︵ᠨᠡᠶᠢᠭᠡᠮ ᠲᠣᠭᠤᠷᠢᠭ︶ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠰᠢᠭᠰᠢᠨ ᠪᠠᠶᠢᠴᠠᠭᠠᠬᠤ ᠵᠢᠴᠢ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠥᠷᠨᠢᠭᠦᠯᠬᠦ ᠶᠢ ᠬᠠᠷᠢᠭᠤᠴᠠᠨ᠎ᠠ︔ ᠳᠠᠭᠠᠳᠬᠠᠯ ᠳᠤ ᠣᠷᠣᠯᠴᠠᠭᠰᠠᠨ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠠᠵᠢᠯᠲᠠᠨ ᠤ ᠮᠡᠳᠡᠭᠡ ᠵᠠᠩᠭᠢ ᠶᠢ ᠬᠢᠨᠠᠨ ᠲᠣᠭᠲᠠᠭᠠᠬᠤ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠬᠠᠷᠢᠭᠤᠴᠠᠵᠤ᠂ ᠳᠠᠭᠠᠳᠬᠠᠯ ᠳᠤ ᠣᠷᠣᠯᠴᠠᠬᠤ ᠠᠵᠢᠯ ᠢ ᠵᠢᠯᠣᠭᠤᠳᠴᠤ ᠬᠢᠨᠠᠨ ᠵᠢᠯᠣᠭᠤᠳᠬᠤ ᠶᠢ ᠰᠠᠶᠢᠲᠤᠷ ᠬᠢᠨ᠎ᠠ᠃ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠲᠤᠰᠬᠠᠶ ᠪᠠᠶᠢᠭᠤᠯᠤᠮᠵᠢ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠬᠤᠷᠢᠶᠠᠨ ᠲᠤᠰᠢᠶᠠᠵᠤ ᠬᠥᠮᠥᠷᠭᠡ ᠳᠤ ᠣᠷᠣᠭᠤᠯᠬᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠤᠬᠠᠭᠤᠯᠬᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠪᠦᠷᠢᠳᠬᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠭᠤᠯᠢ ᠳᠤ ᠪᠠᠶᠢᠭ᠎ᠠ ᠰᠣᠷᠣᠭᠴᠢ᠂ ᠴᠡᠴᠡᠷᠯᠢᠭ ᠲᠤ ᠪᠠᠶᠢᠭ᠎ᠠ ᠬᠡᠤᠬᠡᠳ ᠤᠨ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠬᠤᠷᠢᠶᠠᠬᠤ ᠪᠠ ᠮᠡᠳᠡᠭᠡ ᠵᠠᠩᠭᠢ ᠴᠤᠭᠯᠠᠭᠤᠯᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢᠨ ᠮᠡᠳᠡᠭᠡ ᠵᠠᠩᠭᠢ ᠲᠠᠢ ᠬᠠᠷᠢᠴᠠᠭᠤᠯᠬᠤ ᠠᠵᠢᠯ ᠢ ᠬᠠᠮᠵᠢᠨ ᠰᠠᠶᠢᠲᠤᠷ ᠬᠢᠬᠦ ᠶᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠡᠯ᠎ᠡ ᠱᠠᠲᠤᠨ ᠤ ᠡᠳ᠋ ᠤᠨ ᠵᠠᠰᠠᠭ ᠤᠨ ᠢᠵᠢ ᠪᠥᠷᠢᠳᠦᠭᠦᠯᠬᠦ ᠨᠥᠬᠦᠪᠥᠷᠢ ᠶᠢᠨ ᠪᠠᠯᠠ ᠮᠥᠩᠭᠦ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠨᠥᠬᠦᠪᠥᠷᠢ ᠶᠢᠨ ᠪᠠᠯᠠ ᠮᠥᠩᠭᠦ ᠶᠢᠨ ᠲᠥᠰᠦᠪ ᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠠᠯᠠ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠣᠨᠴᠠ ᠬᠦᠴᠢᠷᠳᠡᠯᠲᠡᠶ ᠠᠰᠠᠷᠠᠨ ᠲᠡᠵᠢᠭᠡᠭᠴᠢ᠂ ᠥᠨᠥᠴᠢᠨ ᠬᠡᠤᠬᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠬᠥᠮᠦᠰ ᠤᠨ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠵᠢᠴᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠳᠤ ᠬᠠᠷᠠᠭᠠᠯᠵᠠᠯ ᠭᠥᠷᠳᠡᠬᠦ ᠬᠥᠮᠦᠰ ᠪᠠ ᠬᠢᠨᠠᠨ ᠰᠢᠯᠭᠠᠬᠤ ᠡᠷᠦᠬᠡ ᠵᠡᠷᠭᠡ ᠶᠢᠨ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠵᠢᠴᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠬᠦᠨᠳᠦ ᠵᠡᠮᠳᠡᠭᠴᠦᠳ ᠤᠨ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠵᠢᠴᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠪᠡᠶ᠎ᠡ ᠶᠢᠨ ᠭᠠᠷᠤᠯ ᠢ ᠨᠤᠲᠠᠯᠠᠬᠤ ᠵᠢᠴᠢ ᠮᠡᠳᠡᠭᠡ ᠵᠠᠩᠭᠢ ᠶᠢ ᠬᠠᠮᠲᠤ ᠡᠵᠡᠯᠡᠬᠦ ᠠᠵᠢᠯ ᠢ ᠬᠠᠷᠢᠭᠤᠴᠠᠨ᠎ᠠ᠃  ︵ᠬᠤᠶᠠᠷ︶ ᠬᠤᠷᠢᠶᠠᠨ ᠠᠪᠬᠤ ᠳᠡᠰ ᠳᠠᠷᠠᠭᠠᠯᠠᠯ  ᠵᠠᠷᠴᠢᠮ ᠳᠡᠭᠡᠷ᠎ᠡ ᠪᠠᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠᠷ ᠭᠤᠤᠯ ᠪᠣᠯᠭᠠᠵᠤ᠂ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ ᠪᠠᠷ ᠬᠠᠪᠰᠤᠷᠤᠮᠵᠢ ᠪᠣᠯᠭᠠᠵᠤ᠂ ᠰᠠᠭᠤᠭᠠᠯᠢ ᠠᠷᠠᠳ ᠥᠪᠡᠰᠦᠪᠡᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠨ ᠰᠣᠩᠭᠤᠵᠤ ᠪᠣᠯᠤᠨ᠎ᠠ᠃ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠷᠭ᠎ᠠ ᠮᠠᠶ᠋ᠢᠭ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠵᠢᠵᠢᠭ ᠫᠷᠤᠭ᠍ᠷᠠᠮ᠂ ᠸᠢᠴᠠᠲ᠂ ᠲᠣᠭᠠᠴᠠᠭ᠎ᠠ ᠬᠢᠬᠦ ᠡᠷᠳᠡᠨᠢ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠵᠡᠷᠭᠡ ᠲᠠᠪᠴᠠᠩ ᠢᠶᠠᠷ ᠰᠦᠢᠳᠬᠡᠯ ᠲᠤᠰᠢᠶᠠᠵᠤ ᠪᠣᠯᠤᠨ᠎ᠠ᠃ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ ᠠᠷᠭ᠎ᠠ ᠮᠠᠶ᠋ᠢᠭ᠄ ᠭᠠᠶᠢᠯᠢ ᠶᠢᠨ ᠶᠠᠪᠤᠳᠠᠯ ᠤᠨ ᠶᠡᠭᠡ ᠲᠢᠩᠬᠢᠮ᠂ ᠲᠣᠰᠬᠤᠨ ︵ᠨᠡᠶᠢᠭᠡᠮ ᠲᠣᠭᠤᠷᠢᠭ︶ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠭ ᠢᠶᠠᠷ ᠳᠡᠮᠵᠢᠨ ᠰᠦᠢᠳᠬᠡᠯ ᠲᠤᠰᠢᠶᠠᠵᠤ ᠪᠣᠯᠤᠨ᠎ᠠ᠃ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ ᠶᠠᠪᠤᠴᠠ ᠳᠤ᠂ ᠣᠨᠴᠠᠭᠠᠶ ᠪᠠᠶᠢᠳᠠᠯ ᠳᠤ ᠡᠷᠬᠡᠪᠰᠢ ᠪᠡᠯᠡᠨ ᠵᠣᠭᠤᠰ ᠢᠶᠠᠷ ᠰᠦᠢᠳᠬᠡᠯ ᠲᠤᠰᠢᠶᠠᠬᠤ ᠴᠢᠬᠤᠯᠠᠲᠠᠶ ᠦᠶ᠎ᠡ ᠳᠤ᠂ ᠡᠳ᠋ ᠤᠨ ᠶᠠᠪᠤᠳᠠᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠷᠢᠶᠠᠨ ᠲᠤᠰᠢᠶᠠᠭᠰᠠᠨ ᠭᠡᠷᠡᠴᠢ ᠪᠠᠷᠢᠮᠲᠠ ᠶᠢ ᠲᠤᠬᠠᠶ ᠶᠢᠨ ᠲᠠᠯᠠᠪᠤᠷ ᠲᠤᠨᠢ ᠭᠠᠷᠭᠠᠨ ᠥᠭᠴᠦ᠂ ᠲᠠᠩᠰᠠ ᠪᠠ ᠵᠣᠭᠤᠰ ᠢ ᠰᠠᠯᠭᠠᠬᠤ ᠬᠡᠷᠡᠭᠲᠡᠶ᠂ ᠨᠢᠭᠡ ᠬᠥᠮᠦᠨ ᠬᠠᠪᠰᠤᠷᠭᠠᠨ ᠬᠠᠷᠢᠭᠤᠴᠠᠵᠤ ᠪᠣᠯᠬᠤ ᠥᠬᠡᠶ᠃  ︵ᠭᠤᠷᠪᠠ︶ ᠬᠢᠨᠠᠯᠲᠠ ᠲᠠᠯᠪᠢᠵᠤ ᠬᠠᠮᠢᠶᠠᠷᠬᠤ  ᠡᠭᠦᠨ ᠳᠤ ᠭᠤᠣᠯᠳᠠᠭᠤ ᠭᠤᠷᠪᠠᠨ ᠲᠠᠯ᠎ᠠ ᠶᠢ ᠪᠠᠭᠲᠠᠭᠠᠨ᠎ᠠ᠂ ᠨᠢᠭᠡ ᠳᠤ ᠤᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠠᠲᠠᠪᠤᠷᠢᠯᠠᠨ ᠲᠤᠰᠢᠶᠠᠬᠤ ᠠᠬᠢᠴᠠ ᠶᠢ ᠵᠠᠷᠯᠠᠨ ᠮᠡᠳᠡᠭᠳᠡᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠮᠡᠳᠡᠭᠡ ᠵᠠᠩᠭᠢ ᠶᠢ ᠨᠢᠭᠡᠳᠬᠡᠬᠦ᠂ ᠲᠤᠭ᠎ᠠ ᠪᠠᠷᠢᠮᠲᠠ ᠶᠢ ᠨᠢᠭᠡᠳᠬᠡᠬᠦ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ ᠡᠯ᠎ᠡ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠲᠤᠰᠢᠶᠠᠬᠤ ᠳᠤ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠵᠤ᠂ ᠲᠣᠰ ᠰᠠᠯᠠᠭ᠎ᠠ ᠮᠥᠴᠢᠷ᠂ ᠬᠠᠷᠢᠶ᠎ᠠ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠣᠷᠣᠨ ᠳᠤ ᠲᠤᠰᠬᠠᠶ ᠵᠦᠢᠯ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠃ ᠭᠤᠷᠪᠠ ᠳᠤ ︽ᠢᠲᠡᠭᠡᠮᠵᠢ ᠶᠢᠨ ᠰᠠᠬᠢᠯᠭ᠎ᠠ ᠪᠠᠲᠤ︾ ᠶᠢ ᠤᠶᠠᠯᠳᠤᠭᠤᠯᠬᠤ᠂ ︽ᠡᠷᠡᠭᠦᠦ ᠰᠢᠳᠬᠡᠯ ᠭᠦᠢᠴᠡᠳᠬᠡᠬᠦ︾ ᠶᠢ ᠤᠶᠠᠯᠳᠤᠭᠤᠯᠬᠤ ᠶᠢ ᠲᠣᠳᠣᠷᠬᠠᠶᠢᠯᠠᠵᠤ᠂ ᠬᠢᠨᠠᠯᠲᠠ ᠲᠠᠯᠪᠢᠵᠤ ᠪᠠᠶᠢᠴᠠᠭᠠᠭᠠᠳ ᠣᠯᠵᠤ ᠮᠡᠳᠡᠭᠰᠡᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠪᠠᠷᠢᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号